ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ

1 ᠰᠠᠷ᠎ᠠ ᠶᠢᠨ 24 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠤ ᠴᠢᠩ ᠬᠠᠢ ᠬᠤᠷᠠᠯ ᠡᠷᠬᠢᠯᠡᠬᠦ ᠶᠢᠨ ᠬᠠᠮᠳ᠋ᠤ ᠶᠠᠷᠢᠶ᠎ᠠ ᠬᠢᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ ᠪᠤᠤ ᠯᠦ᠋ᠩ᠂ ᠼᠦ᠋ᠢ ᠯᠸᠢ ᠯᠸᠢ᠂ ᠯᠢ ᠴᠸᠩ ᠬᠦᠸᠸ ᠬᠤᠷᠠᠯ ᠳ᠋ᠥ ᠤᠷᠤᠯᠴᠠᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠠᠳ᠋ ᠡᠷᠬᠢᠯᠡᠭ᠍ᠴᠢ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠬᠤᠷᠠᠯ ᠳ᠋ᠥ ᠰᠤᠯᠨ ᠤᠷᠤᠯᠴᠠᠪᠠ᠃ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ ᠶᠢᠨ ᠬᠢᠨᠠᠨ ᠪᠠᠢ᠌ᠴᠠᠭᠠᠬᠤ ᠵᠦ᠋ᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠭᠡᠯᠳ᠋ᠡᠰ ᠤᠨ ᠬᠠᠮᠢᠶ᠎ᠠ ᠪᠦᠬᠦᠢ ᠨᠦ᠋ᠬᠦᠤᠨ ᠬᠤᠷᠠᠯ ᠳ᠋ᠥ ᠤᠷᠤᠯᠴᠠᠨ ᠵᠢᠯᠤᠭᠤᠳᠪᠠ᠃

ᠬᠤᠷᠠᠯ ᠡᠴᠨ ᠡᠮᠤᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 《ᠵᠠᠷᠤᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠲᠦ᠋ᠰᠤᠪ》 ᠢ ᠲᠤᠭᠳ᠋ᠠᠭᠠᠵᠤ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ᠂ ᠰᠢ ᠵᠢᠨ ᠫᠢᠩ ᠶᠡᠷᠤᠩᠭᠡᠢ ᠱᠦ᠋ᠵᠢ ᠶᠢᠨ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠬᠠᠢ ᠴᠢᠬᠤᠯᠨ ᠶᠠᠷᠢᠶ᠎ᠠ᠂ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠰᠢ ᠵᠢᠨ ᠫᠢᠩ ᠶᠡᠷᠤᠩᠭᠡᠢ ᠱᠦ᠋ᠵᠢ ᠶᠢᠨ 《7.1》 ᠤ ᠴᠢᠬᠤᠯᠨ ᠶᠠᠷᠢᠶᠠᠨ ᠤ ᠵᠤᠷᠢᠭ ᠰᠠᠨᠠᠭ᠎ᠠ᠂ ᠨᠠᠮ ᠤᠨ ᠠᠷᠪᠠ ᠶᠢᠰᠤᠳ᠋ᠤᠭᠡᠷ ᠬᠤᠭᠤᠴᠠᠭᠠᠨ ᠤ ᠲᠦ᠋ᠪ ᠬᠤᠷᠢᠶᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠵᠤᠷᠢᠭ ᠰᠠᠨᠠᠭ᠎ᠠ ᠪᠠ ᠲᠦ᠋ᠪ ᠬᠤᠷᠢᠶᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠤ᠂ ᠶᠠᠷᠢᠯᠴᠠᠨ ᠰᠤᠯᠢᠯᠴᠠᠬᠤ᠂ ᠦᠷᠭᠡᠨ ᠶᠢᠡᠷ ᠰᠠᠨᠠᠯ ᠰᠠᠨᠠᠭᠤᠯᠭ᠎ᠠ ᠬᠤᠷᠢᠶᠠᠬᠤ᠂ ᠲᠤᠪᠤᠢ᠌ᠮ᠎ᠠ ᠠᠰᠠᠭᠤᠳ᠋ᠠᠯ ᠢ ᠪᠠᠢ᠌ᠴᠠᠭᠠᠬᠤ᠂ ᠬᠦᠨᠵᠡᠭᠡᠢ ᠶᠠᠷᠢᠯᠴᠠᠭ᠎ᠠ ᠦᠷᠨᠢᠬᠦᠯᠬᠦ ᠶᠢᠨ ᠬᠠᠮᠳ᠋ᠤ ᠬᠠᠷᠭᠤᠭᠤᠯᠤᠭᠰᠨᠨ ᠪᠠᠢ᠌ᠴᠠᠭᠠᠯᠳ᠋ᠠ ᠶᠢᠨ ᠮᠠᠲ᠋ᠸᠷᠢᠶᠠᠯ ᠢ ᠨᠠᠷᠢᠯᠢᠭ ᠪᠢᠴᠢᠪᠠ᠃ᠬᠤᠷᠠᠯ ᠲᠠᠭᠡᠷ᠎ᠠ᠂ 《ᠵᠠᠷᠤᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠰᠠᠨᠠᠯ ᠰᠠᠨᠠᠭᠤᠯᠭ᠎ᠠ ᠬᠤᠷᠢᠶᠠᠭᠰᠨᠨ ᠪᠠᠢ᠌ᠳ᠋ᠠᠯ》 ᠢ ᠨᠡᠪᠳ᠋ᠡᠷᠡᠭᠡᠵᠤ᠂ ᠡᠤ ᠴᠢᠩ ᠬᠠᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠠᠭ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠵᠤ᠂ ᠤᠷᠤᠰᠢᠵᠤ ᠪᠠᠢ᠌ᠭ᠎ᠠ ᠭᠤᠤᠯ ᠠᠰᠠᠭᠤᠳ᠋ᠠᠯ᠂ ᠠᠰᠠᠭᠤᠳ᠋ᠠᠯ ᠡᠬᠦᠰᠦᠭ᠍ᠰᠨᠨ ᠰᠢᠯᠳ᠋ᠠᠭᠠᠨ ᠢ ᠵᠠᠳ᠋ᠠᠯᠤᠨ᠂ ᠴᠡᠭ᠍ᠴᠡᠯᠡᠨ ᠵᠠᠰᠠᠬᠤ ᠠᠷᠭ᠎ᠠ ᠠᠪᠴᠠᠯ ᠲᠤᠷᠠᠳᠪᠠ᠃ ᠲᠠᠷᠠᠭᠠᠴᠢ ᠪᠠᠷ ᠨᠢ᠂ ᠡᠤ ᠴᠢᠩ ᠬᠠᠢ ᠲᠦ᠋ᠷᠤᠬᠦᠯᠡᠨ ᠬᠤᠪᠢ ᠬᠦᠮᠤᠨ ᠤ ᠬᠠᠷᠭᠤᠭᠤᠯᠤᠭᠰᠨᠨ ᠶᠠᠷᠢᠶ᠎ᠠ ᠬᠢᠵᠤ᠂ ᠪᠠᠭ ᠤᠨ ᠪᠦᠷᠢᠯᠳ᠋ᠤᠬᠦᠨ ᠤ ᠰᠢᠬᠦᠮᠵᠢᠯᠡᠯ ᠢ ᠬᠦᠯᠢᠶᠠᠨ ᠠᠪᠤᠪᠠ᠃ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠤᠰᠤᠤᠨ ᠪᠦᠷᠢᠯᠳ᠋ᠤᠬᠦᠨ ᠭᠡᠰᠢᠬᠦᠨ ᠲᠠᠷᠠᠭᠠᠯᠠᠨ ᠬᠤᠪᠢ ᠪᠠᠶ᠎ᠠ ᠶᠢᠨ ᠪᠠᠢ᠌ᠴᠠᠭᠠᠨ ᠵᠠᠳ᠋ᠠᠯᠤᠯᠳ᠋ᠠ ᠬᠢᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠦᠷᠨᠢᠬᠦᠯᠪᠡ᠃

ᠡᠤ ᠴᠢᠩ ᠬᠠᠢ ᠳ᠋ᠦ᠋ᠩᠨᠡᠯᠳ᠋ᠠ ᠶᠢᠨ ᠶᠠᠷᠢᠶᠠᠨ ᠳᠠᠭᠠᠨ᠂ ᠲᠤᠰ ᠤᠳ᠋ᠠᠭᠠᠨ ᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠳ᠋ᠥ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ ᠤ ᠪᠠᠢ᠌ᠴᠠᠭᠠᠨ ᠵᠠᠳ᠋ᠠᠯᠤᠯᠳ᠋ᠠ ᠶᠢᠨ ᠶᠠᠷᠢᠶ᠎ᠠ ᠬᠢᠵᠤ᠂ ᠰᠢᠬᠦᠮᠵᠢᠯᠠᠯ ᠪᠠ ᠦᠪᠡᠷ ᠤᠨ ᠰᠢᠬᠦᠮᠵᠢᠯᠡᠯ ᠦᠷᠨᠢᠬᠦᠯᠤᠨ᠂ ᠠᠰᠠᠭᠤᠳ᠋ᠠᠯ ᠢ ᠤᠨᠤᠪᠴᠢᠳ᠋ᠠᠢ ᠪᠠᠢ᠌ᠴᠠᠭᠠᠬᠤ ᠶᠢ ᠪᠠᠶᠡᠯᠡᠬᠦᠯᠵᠤ᠂ ᠬᠦᠨᠵᠡᠭᠡᠢ ᠵᠠᠳ᠋ᠠᠯᠤᠯᠳ᠋ᠠ ᠬᠢᠵᠤ᠂ ᠦᠨᠡᠨ ᠡᠴᠨ ᠪᠤᠳ᠋ᠠᠳ᠋ᠠᠢ ᠶᠢ ᠡᠷᠢᠨ᠂ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ ᠳ᠋ᠥ ᠨᠢᠭᠡᠨ ᠤᠳ᠋ᠠᠭᠠᠠ ᠤ ᠤᠯᠤᠰ ᠲᠦ᠋ᠷᠤ ᠶᠢᠨ ᠪᠠᠢ᠌ᠴᠠᠭᠠᠯᠳ᠋ᠠ ᠬᠢᠵᠤ᠂ ᠨᠢᠭᠳ᠋ᠠᠷᠠᠯ ᠤᠨ ᠬᠦᠴᠤᠨ ᠪᠠ ᠪᠠᠢ᠌ᠯᠳ᠋ᠤᠬᠤ ᠬᠦᠴᠤᠨ ᠢ ᠤᠯᠠᠮ ᠨᠢᠭᠡ ᠠᠯᠬᠤᠮ ᠴᠢᠩᠭ᠋ᠠᠷᠠᠭᠤᠯᠪᠠ᠃ ᠬᠤᠢ᠌ᠰᠢᠳ᠋ᠠ ᠡᠯ᠎ᠠ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ ᠤᠯᠤᠰ ᠲᠦ᠋ᠷᠤ ᠶᠢᠨ ᠵᠤᠭᠰᠤᠴᠨ ᠪᠠᠨ ᠪᠠᠳ᠋ᠤᠳᠬᠠᠬᠤ ᠲᠠᠭᠡᠷ᠎ᠠ ᠬᠦᠴᠤ ᠵᠠᠷᠤᠴᠠᠭᠤᠯᠤᠨ᠂ 《ᠲᠦ᠋ᠷᠪᠡᠨ ᠤᠬᠠᠮᠰᠠᠷ》 ᠶᠢᠡᠨ ᠴᠢᠩᠭ᠋ᠠᠳᠬᠠᠵᠤ᠂ 《ᠲᠦ᠋ᠷᠪᠡᠨ ᠢᠳ᠋ᠡᠭᠡᠯ》 ᠶᠢᠡᠨ ᠪᠠᠳ᠋ᠤᠳᠬᠠᠨ᠂ 《ᠬᠤᠶᠠᠷ ᠢ ᠬᠦᠷᠢᠶᠡᠯᠡᠬᠦ》 ᠶᠢ ᠪᠠᠶᠡᠯᠡᠬᠦᠯᠬᠦ ᠲᠠᠭᠡᠷ᠎ᠠ ᠲᠠᠨᠢᠯᠳ᠋ᠠ ᠪᠠᠨ ᠤᠯᠠᠮ ᠬᠦᠨᠵᠡᠭᠡᠢ᠌ᠷᠡᠬᠦᠯᠵᠤ᠂ ᠤᠪᠤᠷ ᠰᠤᠷᠳ᠋ᠠᠯ ᠶᠢᠡᠨ ᠤᠯᠠᠮ ᠪᠠᠳ᠋ᠤᠳᠬᠠᠨ᠂ ᠠᠵᠢᠯᠯᠠᠭ᠎ᠠ ᠪᠠᠨ ᠤᠯᠠᠮ ᠤᠬᠠᠮᠰᠠᠷᠵᠢᠬᠦᠯᠬᠦ ᠭᠡᠷᠡᠭ᠍ᠳ᠋ᠡᠢ᠃ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠬᠤ ᠲᠠᠭᠡᠷ᠎ᠠ ᠪᠤᠳ᠋ᠠᠳ᠋ᠤ ᠦᠷ᠎ᠠ ᠪᠦᠳ᠋ᠤᠮᠵᠢ ᠶᠢ ᠡᠷᠬᠢᠮᠯᠡᠬᠦ ᠶᠢ ᠰᠠᠢ᠌ᠳ᠋ᠤᠷ ᠠᠳᠬᠤᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠬᠦᠨᠵᠡᠭᠡᠢ᠂ ᠪᠤᠳ᠋ᠠᠳ᠋ᠠᠢ ᠶᠠᠪᠤᠭᠳ᠋ᠠᠬᠤ ᠶᠢ ᠪᠦᠬᠦ ᠬᠦᠴᠤᠨ ᠶᠢᠡᠷ ᠲᠦ᠋ᠯᠬᠢᠨ ᠠᠬᠢᠭᠤᠯᠵᠤ᠂ ᠪᠤᠳ᠋ᠠᠳ᠋ᠠᠢ ᠠᠵᠢᠯᠯᠠᠨ᠂ ᠡᠮᠤᠨ᠎ᠠ ᠨᠢ ᠤᠷᠤᠭᠰᠢᠯᠠᠬᠤ ᠰᠢᠨ᠎ᠠ ᠲᠦ᠋ᠷᠢ ᠲᠦ᠋ᠷᠬᠦ ᠶᠢᠡᠷ ᠨᠠᠮ ᠤᠨ ᠬᠤᠷᠢᠳ᠋ᠤᠭᠠᠷ ᠶᠡᠭᠡ ᠬᠤᠷᠠᠯ ᠤᠨ ᠢᠯᠠᠯᠳ᠋ᠠ ᠲᠡᠶ ᠬᠤᠷᠠᠯᠳ᠋ᠤᠬᠤ ᠶᠢ ᠤᠭᠳ᠋ᠤᠬᠤ ᠭᠡᠷᠡᠭ᠍ᠳ᠋ᠡᠢ ᠭᠡᠵᠡᠢ᠃ (ᠳ᠋ᠠᠢ ᠰᠢᠶᠦ᠋ᠩ)