ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠩᠯᠢᠶᠤᠤ ᠬᠤᠳ᠋ᠠ ᠶᠢᠨ 《ᠬᠤᠶᠠᠷ ᠬᠤᠷᠠᠯ》 ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ

        

        2 ᠰᠠᠷ᠎ᠠ ᠶᠢᠨ 17 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠩᠯᠢᠶᠤᠤ ᠬᠤᠳ᠋ᠠ ᠶᠢᠨ《ᠬᠤᠶᠠᠷ ᠬᠤᠷᠠᠯ》᠊ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠳ᠋ᠠᠪᠠ᠃ ᠯᠢ ᠴᠸᠩ ᠭᠦᠸᠸ ᠬᠤᠷᠠᠯ ᠡᠷᠬᠢᠯᠡᠪᠡ᠃ 

        

        ᠬᠤᠷᠠᠯ ᠲᠡᠭᠡᠷ᠎ᠠ᠂ ᠵᠠᠩ ᠶᠦ᠋ᠩ ᠴᠢᠶᠠᠩ《ᠬᠤᠶᠠᠷ ᠬᠤᠷᠠᠯ》᠊ᠤᠨ ᠦᠨᠳ᠋ᠦᠰᠦᠨ ᠪᠠᠢ᠌ᠳ᠋ᠠᠯ ᠢ ᠲᠠᠨᠢᠯᠴᠠᠭᠤᠯᠤᠨ᠂ ᠲᠦ᠋ᠩᠯᠢᠶᠤᠤ ᠬᠤᠳ᠋ᠠ ᠶᠢᠨ ᠵᠠᠰᠠᠭ ᠤᠨ ᠤᠷᠳ᠋ᠤᠨ ᠤ ᠠᠵᠢᠯ ᠤᠨ ᠮᠡᠳ᠋ᠡᠭᠦᠯᠦᠯᠳ᠋ᠡ ᠪᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ ᠶᠢᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ᠃

        

         ᠬᠤᠷᠠᠯ ᠡᠴᠡ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠲᠦ᠋ᠩᠯᠢᠶᠤᠤ ᠬᠤᠳ᠋ᠠ ᠶᠢᠨ《ᠬᠤᠶᠠᠷ ᠬᠤᠷᠠᠯ》᠊ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠳ᠋ᠤᠬᠠᠨ ᠤ ᠤᠯᠤᠰ ᠲᠦ᠋ᠷᠦ ᠶᠢᠨ ᠴᠢᠬᠤᠯᠠ ᠡᠭᠦᠷᠬᠡ ᠪᠤᠯᠭᠠᠨ᠂《ᠬᠤᠶᠠᠷ ᠬᠤᠷᠠᠯ》᠊ᠤᠨ ᠵᠤᠷᠢᠭ ᠰᠠᠨᠠᠭᠠᠨ ᠤ ᠮᠦ᠋ᠨ ᠴᠢᠨᠠᠷ ᠢ ᠭᠦᠨᠵᠡᠭᠡᠢ ᠰᠤᠷᠤᠯᠴᠠᠨ ᠤᠢ᠌ᠯᠠᠭᠠᠵᠤ᠂ ᠬᠤᠷᠠᠯ ᠤᠨ ᠵᠤᠷᠢᠭ ᠰᠠᠨᠠᠭ᠎ᠠ ᠶᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠠᠵᠢᠯ ᠤᠨ ᠶᠠᠪᠤᠴᠠ ᠲᠤᠮᠳ᠋ᠠ ᠰᠤᠷᠤᠯᠴᠠᠨ ᠲᠤᠭᠤᠰᠢᠯᠠᠭᠤᠯᠬᠤ ᠶᠢᠨ ᠬᠠᠮᠳ᠋ᠤ ᠲᠤᠰ ᠲᠤᠰ ᠤᠨ ᠠᠵᠢᠯ ᠤᠨ ᠪᠠᠢ᠌ᠷᠢ ᠶᠢᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠯ᠎ᠠ ᠵᠦ᠋ᠢᠯ ᠤᠨ ᠠᠵᠢᠯ ᠢ ᠨᠠᠷᠢᠨ ᠬᠢᠨᠠᠮᠠᠭᠠᠢ ᠲᠦ᠋ᠯᠦᠪᠯᠡᠨ ᠦᠷᠨᠢᠭᠦᠯᠵᠦ᠂ ᠰᠠᠢ᠌ᠳ᠋ᠤᠷ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 2022 ᠤᠨ ᠤ ᠰᠢᠨ᠎ᠠ ᠵᠢᠯ ᠦᠨ ᠪᠠᠶᠠᠷ ᠤᠨ ᠦᠭᠡ
ᠳᠠᠷᠠᠭᠠᠬᠢ᠄ ᠡᠦ ᠴᠢᠩ ᠬᠠᠢ ᠦᠨᠡᠭᠡᠴᠢ ᠰᠤᠮᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ