ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 2021 ᠤᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ

        

       2 ᠰᠠᠷ᠎ᠠ ᠶᠢᠨ 17 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 2021 ᠤᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠳ᠋ᠠᠵᠤ᠂ ᠬᠤᠷᠠᠯ ᠢ ᠯᠢ ᠴᠸᠩ ᠭᠦᠸᠸ ᠡᠷᠬᠢᠯᠡᠬᠦ ᠶᠢᠨ ᠬᠠᠮᠳ᠋ᠤ ᠲᠠᠭᠠᠭᠤᠯᠤᠨ ᠰᠤᠷᠤᠯᠴᠠᠪᠠ᠃

        

         ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠳ ᠶᠡᠷᠦᠩᠭᠡᠢ ᠱᠦ᠋ᠵᠢ ᠰᠢ ᠵᠢᠨ ᠫᠢᠩ ᠤᠨ ᠠᠷᠪᠠ ᠶᠢᠰᠦᠳ᠋ᠦᠭᠡᠷ ᠬᠤᠭᠤᠴᠠᠭᠠᠨ ᠤ ᠲᠦ᠋ᠪ ᠬᠤᠷᠢᠶᠠᠨ ᠤ ᠵᠢᠷᠭᠤᠳ᠋ᠤᠭᠠᠷ ᠪᠦᠭᠦᠳ᠋ᠡ ᠬᠤᠷᠠᠯ ᠲᠡᠭᠡᠷᠡᠬᠢ ᠴᠢᠬᠤᠯᠠ ᠶᠠᠷᠢᠶ᠎ᠠ᠂ 《ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠬᠡ ᠠᠮᠵᠢᠯᠳ᠋ᠠ ᠪᠦᠳ᠋ᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶᠠᠨ ᠤ ᠰᠢ᠌ᠳᠪᠦᠷᠢ》᠂ ᠶᠡᠷᠦᠩᠬᠡᠢ ᠱᠦ᠋ᠵᠢ ᠰᠢ ᠵᠢᠨ ᠫᠢᠩ ᠤᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠤᠬᠢᠶᠠᠨ ᠎ᠪᠠᠢᠭᠤᠯᠤᠯᠳᠠ ᠊ᠢᠢᠨ ᠲᠦ᠋ᠷᠢᠮ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠬᠤ ᠶᠢᠨ ᠬᠠᠮᠳ᠋ᠤ  ᠰᠤᠳ᠋ᠤᠯᠤᠨ ᠶᠠᠷᠢᠯᠴᠠᠵᠤ᠂ ᠦᠵᠡᠯ ᠰᠠᠨᠠᠭ᠎ᠠ ᠪᠠ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ ᠰᠠᠨᠠᠯ ᠶᠢᠡᠨ ᠰᠤᠯᠢᠯᠴᠠᠪᠠ᠃

        

         ᠯᠢ ᠴᠸᠩ ᠭᠦᠸᠸ ᠡᠴᠡ᠂  ᠰᠤᠷᠤᠯᠴᠠᠯᠭ᠎ᠠ ᠪᠠᠨ ᠴᠢᠩᠭ᠋ᠠᠳᠬᠠᠨ᠂ ᠤᠯᠤᠰ ᠲᠦ᠋ᠷᠦ ᠶᠢᠨ ᠵᠤᠭᠰᠤᠴᠠ ᠪᠠᠨ ᠲᠠᠰᠤᠷᠠᠯᠳ᠋ᠠ ᠦᠭᠡᠶ ᠲᠡᠭᠡᠭ᠍ᠰᠢᠯᠡᠭᠦᠯᠵᠦ᠂ ᠡᠨᠡ ᠤᠳ᠋ᠠᠭᠠᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠶᠢᠡᠷ ᠲᠤᠬᠢᠶᠠᠯ ᠪᠤᠯᠭᠠᠨ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠢ᠌ᠯᠠᠭᠠᠬᠤ ᠶᠢᠨ ᠬᠠᠮᠳ᠋ᠤ ᠬᠤᠷᠠᠯ ᠤᠨ ᠭᠤᠤᠯ ᠰᠡᠳ᠋ᠦᠪ ᠤᠨ ᠲᠤᠭᠤᠷᠢᠨ ᠳᠤ᠂ ᠲᠡᠰ ᠲᠠᠷᠠᠭᠠᠯᠠᠯ ᠠᠯᠬᠤᠮ ᠲᠠᠷᠠᠭ᠎ᠠ ᠲᠡᠶ ᠴᠢᠩᠳ᠋ᠡᠯᠡᠵᠦ᠂ ᠡᠯ᠎ᠠ ᠭᠤᠭᠴᠤᠭ᠎ᠠ ᠶᠢᠨ ᠡᠭᠦᠷᠭᠡ ᠶᠢ ᠨᠠᠢ᠌ᠳ᠋ᠠᠪᠤᠷᠢᠵᠢᠭᠤᠯᠤᠨ᠂ ᠬᠤᠷᠠᠯ ᠡᠴᠡ ᠡᠮᠦᠨᠡᠬᠢ᠂ ᠬᠤᠷᠠᠯ ᠤᠨ ᠲᠤᠮᠳ᠋ᠠᠬᠢ᠂ ᠬᠤᠷᠠᠯ ᠤᠨ ᠲᠠᠷᠠᠭᠠᠬᠢ ᠡᠯ᠎ᠠ ᠵᠦ᠋ᠢᠯ ᠤᠨ ᠠᠵᠢᠯ ᠢ ᠰᠠᠢ᠌ᠳ᠋ᠤᠷ ᠬᠢᠵᠦ᠂ ᠲᠤᠭᠳ᠋ᠠᠭᠰᠠᠨ ᠠᠭᠤᠯᠭ᠎ᠠ ᠶᠢ ᠴᠢᠩᠭ᠎ᠠ ᠵᠢᠷᠤᠮᠯᠠᠨ᠂ ᠤᠷᠤᠰᠢᠵᠤ ᠪᠠᠢ᠌ᠭ᠎ᠠ ᠠᠰᠠᠭᠤᠳ᠋ᠠᠯ ᠢ ᠨᠠᠷᠢᠨ ᠬᠢᠨᠠᠮᠠᠭᠠᠢ ᠪᠠᠢ᠌ᠴᠠᠭᠠᠨ ᠭᠠᠷᠭᠠᠵᠤ᠂ ᠪᠠᠢ᠌ᠭᠤᠯᠭ᠎ᠠ ᠶᠢᠨ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠢ ᠴᠢᠨᠠᠷ ᠰᠠᠢ᠌ᠳ᠋ᠠᠢ ᠬᠤᠷᠠᠯᠳ᠋ᠤᠭᠤᠯᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 《2022 ᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠤᠤᠯᠳ᠋ᠠᠯᠭ᠎ᠠ ᠲᠡᠶ ᠠᠵᠢᠯ ᠢ ᠰᠠᠢ᠌ᠳ᠋ᠤᠷ ᠬᠢᠬᠦ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶ᠎ᠠ ᠲᠦ᠋ᠷᠦ ᠶᠢᠨ ᠶᠠᠪᠤᠳ᠋ᠠᠯ ᠤᠨ ᠬᠤᠷᠢᠶᠠᠨ ᠤ ᠰᠠᠨᠠᠯ》 ᠢ ᠲᠦ᠋ᠪᠯᠡᠷᠡᠨ ᠰᠤᠷᠤᠯᠴᠠᠪᠠ