ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 《2022 ᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠤᠤᠯᠳ᠋ᠠᠯᠭ᠎ᠠ ᠲᠡᠶ ᠠᠵᠢᠯ ᠢ ᠰᠠᠢ᠌ᠳ᠋ᠤᠷ ᠬᠢᠬᠦ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶ᠎ᠠ ᠲᠦ᠋ᠷᠦ ᠶᠢᠨ ᠶᠠᠪᠤᠳ᠋ᠠᠯ ᠤᠨ ᠬᠤᠷᠢᠶᠠᠨ ᠤ ᠰᠠᠨᠠᠯ》 ᠢ ᠲᠦ᠋ᠪᠯᠡᠷᠡᠨ ᠰᠤᠷᠤᠯᠴᠠᠪᠠ

       
           2 ᠰᠠᠷ᠎ᠠ ᠶᠢᠨ 25 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ  ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ 《2022 ᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠤᠤᠯᠳ᠋ᠠᠯᠭ᠎ᠠ ᠲᠡᠶ ᠠᠵᠢᠯ ᠢ ᠰᠠᠢ᠌ᠳ᠋ᠤᠷ ᠬᠢᠬᠦ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶ᠎ᠠ ᠲᠦ᠋ᠷᠦ ᠶᠢᠨ ᠶᠠᠪᠤᠳ᠋ᠠᠯ ᠤᠨ ᠬᠤᠷᠢᠶᠠᠨ ᠤ ᠰᠠᠨᠠᠯ》 ᠢ ᠲᠦ᠋ᠪᠯᠡᠷᠡᠨ ᠰᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠲᠡᠳ᠋ ᠡᠷᠬᠢᠯᠡᠭ᠍ᠴᠢ ᠪᠤᠤ ᠯᠦ᠋ᠩ ᠡᠷᠬᠢᠯᠡᠬᠦ ᠶᠢᠨ ᠬᠠᠮᠳ᠋ᠤ ᠲᠠᠭᠠᠭᠤᠯᠤᠨ ᠰᠤᠷᠤᠯᠴᠠᠪᠠ᠃

       
           ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠲᠦ᠋ᠪ ᠤᠨ ᠨᠢᠭᠡᠳ᠋ᠦᠭᠡᠷ ᠲᠤᠭᠠᠳ᠋ᠤ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠡᠨ ᠲᠤᠭᠤᠰᠢᠯᠠᠭᠤᠯᠵᠤ᠂ ᠨᠠᠮ ᠤᠨ ᠰᠢᠨ᠎ᠠ ᠦᠵᠡᠯ ᠰᠠᠨᠠᠭ᠎ᠠ ᠰᠢᠨ᠎ᠠ ᠤᠨᠤᠯ ᠰᠢᠨ᠎ᠠ ᠮᠡᠳ᠋ᠡᠯᠭᠡ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳ᠋ᠦᠯᠭᠡ ᠪᠠᠨ ᠵᠢᠯᠤᠭᠤᠳ᠋ᠤᠭᠤᠯᠬᠤ ᠶᠢ ᠲᠠᠰᠤᠷᠠᠯᠳ᠋ᠠ ᠦᠭᠡᠶ ᠲᠡᠭᠡᠭ᠍ᠰᠢᠯᠡᠭᠦᠯᠵᠦ᠂ ᠴᠠᠭ ᠤᠨ ᠪᠠᠢ᠌ᠳ᠋ᠠᠯ ᠢ ᠡᠵᠡᠮᠳ᠋ᠡᠬᠦ᠂ ᠠᠰᠠᠭᠤᠳ᠋ᠠᠯ ᠢ ᠵᠠᠳ᠋ᠠᠯᠬᠤ᠂ ᠰᠠᠨᠠᠯ ᠰᠠᠨᠠᠭᠤᠯᠭ᠎ᠠ ᠲᠤᠷᠠᠳ᠋ᠤᠨ ᠠᠷᠭ᠎ᠠ ᠤᠬᠠᠭᠠᠨ ᠭᠠᠷᠭᠠᠬᠤ ᠴᠢᠳ᠋ᠠᠪᠤᠷᠢ ᠪᠠᠨ ᠴᠢᠷᠮᠠᠢ᠌ᠨ ᠲᠡᠭᠡᠭ᠍ᠰᠢᠯᠡᠭᠦᠯᠦᠨ᠂ 《ᠬᠦᠳ᠋ᠡᠭᠡ ᠠᠵᠤ ᠠᠬᠤᠢ ᠬᠦᠳ᠋ᠡᠭᠡ ᠲᠤᠰᠬᠤᠨ ᠲᠠᠷᠢᠶᠠᠴᠢᠨ》 ᠤ ᠠᠰᠠᠭᠤᠳ᠋ᠠᠯ ᠢ ᠰᠠᠢ᠌ᠳ᠋ᠤᠷ ᠰᠢ᠌ᠳᠪᠦᠷᠢᠯᠡᠬᠦ ᠤᠨᠴᠠᠭᠠᠢ ᠪᠠᠢ᠌ᠷᠢ ᠰᠠᠭᠤᠷᠢ ᠶᠢ ᠭᠦᠨᠵᠡᠭᠡᠢ ᠲᠠᠨᠢᠵᠤ᠂ ᠪᠢᠴᠢᠭ᠌ ᠮᠠᠲ᠋ᠸᠷᠢᠶᠠᠯ ᠤᠨ ᠬᠠᠮᠤᠭ ᠤᠨ ᠰᠢᠨ᠎ᠠ ᠱᠠᠭᠠᠷᠳ᠋ᠠᠯᠭ᠎ᠠ ᠶᠢ ᠪᠠᠢ᠌ᠭᠤᠯᠭ᠎ᠠ ᠶᠢᠨ ᠠᠵᠢᠯ ᠤᠨ ᠡᠯ᠎ᠠ ᠲᠠᠯ᠎ᠠ ᠳᠤ ᠠᠭᠤᠰᠬᠠᠨ ᠤᠷᠤᠭᠤᠯᠵᠤ᠂ ᠡᠭᠦᠷᠭᠡ ᠴᠢᠳ᠋ᠠᠪᠬᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ᠂ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠵᠡᠷᠭᠡ ᠠᠵᠢᠯᠯᠠᠭ᠎ᠠ ᠶᠢᠨ ᠴᠢᠭᠯᠡᠯᠳ᠋ᠦ ᠴᠢᠨᠠᠷ ᠪᠠ ᠦᠷ᠎ᠠ ᠪᠦᠳ᠋ᠦᠮᠵᠢᠳ᠋ᠦ ᠴᠢᠨᠠᠷ ᠢ ᠴᠢᠩᠭ᠋ᠠᠳᠬᠠᠵᠤ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠤᠨ ᠰᠢᠨ᠎ᠠ ᠠᠬᠢᠯᠳ᠋ᠠ ᠲᠡᠶ ᠪᠤᠯᠬᠤ᠂ ᠬᠦᠳ᠋ᠡᠭᠡ ᠠᠵᠤ ᠠᠬᠤᠢ ᠬᠦᠳ᠋ᠡᠭᠡ ᠲᠤᠰᠬᠤᠨ ᠤ ᠤᠳ᠋ᠤᠬᠢᠴᠢᠯᠠᠯᠳ᠋ᠠ ᠶᠢᠨ ᠰᠢᠨ᠎ᠠ ᠠᠯᠬᠤᠴᠠ ᠳᠤ ᠬᠦᠴᠦᠨ ᠨᠡᠮᠡᠷᠢᠯᠡᠬᠦ ᠬᠡᠷᠡᠭ᠍ᠳ᠋ᠠᠢ ᠭᠡᠵᠦ ᠱᠠᠭᠠᠷᠳ᠋ᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 2021 ᠤᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ 2021 ᠤᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠪᠠ ᠠᠷᠠᠳᠴᠢᠯᠠᠯ ᠶᠢᠡᠷ ᠨᠠᠮ ᠤᠨ ᠭᠡᠰᠢᠭᠦᠨ ᠢ ᠦᠨᠡᠯᠡᠬᠦ ᠬᠤᠷᠠᠯ ᠬᠤᠷᠠᠯᠳ᠋ᠤᠪᠠ