
3 ᠰᠠᠷ᠎ᠠ ᠶᠢᠨ 3 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠦᠨᠡᠭᠡᠴᠢ ᠰᠤᠮᠤ ᠶᠢᠨ ᠬᠤᠸᠠᠵᠢᠶᠸ ᠭᠠᠴᠠᠭ᠎ᠠ᠂ ᠲᠠᠭᠳ᠋ᠠᠭᠠᠳ᠋ᠤ ᠭᠠᠴᠠᠭ᠎ᠠ ᠵᠡᠷᠭᠡ ᠭᠠᠵᠠᠷ ᠶᠢᠡᠷ ᠭᠦᠨᠵᠡᠭᠡᠢ᠌ᠷᠡᠨ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠪᠠ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠲᠡᠵᠢᠭᠡᠪᠦᠷᠢ ᠶᠢᠨ ᠦᠢᠯᠡᠰ ᠤᠨ ᠬᠦᠭ᠍ᠵᠢᠯᠳ᠋ᠡ ᠵᠡᠷᠭᠡ ᠠᠵᠢᠯ ᠢ ᠪᠠᠢ᠌ᠴᠠᠭᠠᠨ ᠰᠤᠳ᠋ᠤᠯᠪᠠ᠃


ᠡᠦ ᠴᠢᠩ ᠬᠠᠢ ᠡᠴᠡ᠂ ᠦᠨᠡᠭᠡᠴᠢ ᠰᠤᠮᠤ ᠠᠰᠠᠭᠤᠳ᠋ᠠᠯ ᠶᠢᠡᠷ ᠤᠳ᠋ᠤᠷᠢᠳ᠋ᠤᠮᠵᠢ ᠪᠤᠯᠭᠠᠬᠤ ᠪᠠ ᠦᠷ᠎ᠠ ᠪᠦᠳ᠋ᠦᠮᠵᠢ ᠪᠠᠷ ᠤᠳ᠋ᠤᠷᠢᠳ᠋ᠤᠮᠵᠢ ᠪᠤᠯᠭᠠᠬᠤ ᠶᠢ ᠪᠠᠷᠢᠮᠳ᠋ᠠᠯᠠᠨ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠲᠡᠵᠢᠭᠡᠨ ᠦᠷᠡᠵᠢᠭᠦᠯᠬᠦ ᠡᠷᠦᠭᠡ ᠶᠢ ᠢᠳ᠋ᠡᠪᠬᠢᠳ᠋ᠠᠢ ᠬᠠᠪᠰᠤᠷᠤᠨ ᠬᠦᠭ᠍ᠵᠢᠯᠳ᠋ᠡ ᠶᠢᠨ ᠲᠤᠮᠳ᠋ᠠ ᠲᠤᠯᠭᠠᠷᠠᠭᠰᠠᠨ ᠬᠦᠴᠢᠷᠳ᠋ᠡᠯ ᠪᠠ ᠠᠰᠠᠭᠤᠳ᠋ᠠᠯ ᠢ ᠰᠢ᠌ᠳᠪᠦᠷᠢᠯᠡᠵᠦ᠂ ᠤᠨᠴᠠᠭᠠᠢ᠌ᠯᠠᠨ ᠮᠠᠯᠴᠢᠨ ᠲᠠᠷᠢᠶᠠᠴᠢᠨ ᠢ ᠬᠠᠪᠰᠤᠷᠤᠨ ᠰᠢᠨ᠎ᠠ ᠵᠠᠬ᠎ᠠ ᠲᠡᠯᠭᠡᠭᠦᠷ ᠤᠨ ᠪᠠᠢ᠌ᠳ᠋ᠠᠯ ᠢ ᠤᠢ᠌ᠯᠠᠭᠠᠭᠤᠯᠤᠨ᠂ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠤᠨ ᠤᠷ᠎ᠠ ᠴᠢᠳ᠋ᠠᠪᠤᠷᠢ ᠶᠢᠨ ᠪᠤᠯᠪᠠᠰᠤᠷᠠᠯ ᠢ ᠴᠢᠩᠭ᠋ᠠᠳᠬᠠᠵᠤ᠂ ᠨᠠᠷᠢᠯᠢᠭᠵᠢᠭᠤᠯᠤᠭᠰᠠᠨ ᠲᠡᠵᠢᠭᠡᠨ ᠦᠷᠡᠵᠢᠭᠦᠯᠬᠦ ᠶᠢ ᠠᠬᠢᠭᠤᠯᠤᠨ᠂ ᠲᠡᠵᠢᠭᠡᠨ ᠦᠷᠡᠵᠢᠭᠦᠯᠬᠦ ᠡᠷᠦᠭᠡ ᠶᠢᠨ ᠵᠠᠬ᠎ᠠ ᠲᠡᠯᠭᠡᠭᠦᠷ ᠤᠨ ᠲᠦ᠋ᠭ᠍ᠰᠢᠭᠦᠷᠢ ᠶᠢ ᠡᠰᠡᠷᠭᠦᠴᠡᠬᠦ ᠴᠢᠳ᠋ᠠᠪᠤᠷᠢ ᠶᠢ ᠲᠡᠭᠡᠭ᠍ᠰᠢᠯᠡᠭᠦᠯᠵᠦ᠂ ᠰᠤᠮᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠪᠠᠢ᠌ᠴᠠᠭᠠᠨ ᠰᠤᠳ᠋ᠤᠯᠤᠯᠳ᠋ᠠ ᠭᠢᠵᠦ᠂ ᠦᠨᠡᠭᠡᠴᠢ ᠰᠤᠮᠤᠨ ᠤ ᠪᠤᠳ᠋ᠠᠳ᠋ᠠᠢ ᠪᠠᠢ᠌ᠳ᠋ᠠᠯ ᠪᠠ ᠤᠯᠠᠨ ᠲᠦ᠋ᠮᠡᠨ ᠤ ᠬᠡᠷᠡᠭ᠍ᠴᠡᠭᠡ ᠱᠠᠭᠠᠷᠳ᠋ᠠᠯᠭ᠎ᠠ ᠲᠡᠶ ᠤᠶᠠᠯᠳ᠋ᠤᠭᠤᠯᠤᠨ ᠦᠨᠡᠨᠬᠦ ᠠᠰᠢᠭ ᠲᠤᠰᠠᠳ᠋ᠠᠢ ᠰᠠᠨᠠᠯ ᠰᠠᠨᠠᠭᠤᠯᠭ᠎ᠠ ᠲᠤᠷᠠᠳ᠋ᠤᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠤᠳ᠋ᠤᠬᠢᠴᠢᠯᠠᠯᠳ᠋ᠠ ᠶᠢ ᠲᠦ᠋ᠷᠭᠡᠳᠭᠡᠬᠦ ᠳᠤ ᠠᠷᠭ᠎ᠠ ᠤᠬᠠᠭᠠᠨ ᠭᠠᠷᠭᠠᠵᠤ ᠦᠭᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

ᠡᠦ ᠴᠢᠩ ᠬᠠᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠩᠨᠡᠭ᠍ᠴᠢ ᠪᠠ ᠲᠡᠵᠢᠭᠡᠨ ᠦᠷᠡᠵᠢᠭᠦᠯᠬᠦ ᠲᠤᠮᠤ ᠡᠷᠦᠭᠡ ᠶᠢ ᠵᠤᠷᠢᠭᠵᠢᠭᠤᠯᠤᠨ᠂ ᠰᠢᠨ᠎ᠠ ᠰᠡᠳᠭᠢᠭᠦᠢ᠂ ᠰᠢᠨ᠎ᠠ ᠠᠷᠭ᠎ᠠ ᠶᠢ ᠢᠯᠡᠭᠦᠦ ᠰᠤᠳ᠋ᠤᠯᠵᠤ ᠢᠯᠡᠭᠦᠦ ᠰᠤᠯᠢᠯᠴᠡᠨ ᠲᠤᠯᠢ ᠪᠤᠯᠭᠠᠵᠤ᠂ ᠵᠠᠬ᠎ᠠ ᠲᠡᠯᠭᠡᠭᠦᠷ ᠤᠨ ᠠᠵᠤ ᠠᠬᠤᠢ ᠶᠢᠨ ᠬᠠᠮᠢᠶ᠎ᠠ ᠪᠦᠬᠦᠢ ᠤᠭ ᠶᠤᠰᠤ ᠶᠢ ᠰᠤᠷᠤᠯᠴᠠᠬᠤ ᠶᠢᠨ ᠬᠠᠮᠳ᠋ᠤ ᠰᠠᠢ᠌ᠳ᠋ᠤᠷ ᠠᠰᠢᠭᠯᠠᠨ᠂ ᠵᠠᠬ᠎ᠠ ᠲᠡᠯᠭᠡᠭᠦᠷ ᠤᠨ ᠠᠵᠤ ᠠᠬᠤᠢ ᠶᠢᠨ ᠤᠬᠠᠮᠰᠡᠷ ᠢ ᠲᠡᠭᠡᠭ᠍ᠰᠢᠯᠡᠭᠦᠯᠵᠦ᠂ ᠲᠤᠯᠭᠠᠷᠠᠵᠤ ᠮᠡᠳ᠋ᠡᠬᠦ ᠲᠦ᠋ᠭ᠍ᠰᠢᠭᠦᠷᠢ ᠡᠴᠡ ᠵᠠᠢ᠌ᠯᠰᠭᠢᠨ᠂ ᠲᠤᠭ᠎ᠠ ᠬᠡᠮᠵᠢᠶ᠎ᠠ ᠶᠢ ᠬᠢᠵᠠᠭᠠᠷᠯᠡᠵᠦ᠂ ᠴᠢᠨᠠᠷ ᠴᠢᠨᠰᠠᠭ᠎ᠠ ᠶᠢ ᠲᠡᠭᠡᠭ᠍ᠰᠢᠯᠡᠭᠦᠯᠦᠨ᠂ ᠵᠠᠷᠤᠳ ᠬᠤᠰᠢᠭᠤᠨ ᠤ ᠰᠠᠨᠠᠭ᠎ᠠ ᠠᠮᠤᠷ ᠦᠬᠡᠷ ᠬᠤᠨᠢᠨ ᠤ ᠮᠢᠬ᠎ᠠ ᠶᠢᠨ ᠨᠡᠷ᠎ᠠ ᠲᠡᠮᠳ᠋ᠡᠭ᠌ ᠤᠨ ᠠᠯᠳ᠋ᠠᠷᠰᠢᠯ ᠪᠠ ᠨᠦ᠋ᠯᠦᠭᠡᠯᠡᠬᠦ ᠬᠦᠴᠦᠨ ᠢ ᠲᠤᠪᠤᠢ᠌ᠯᠠᠭᠠᠵᠤ᠂ ᠦᠢᠯᠡᠳᠪᠦᠷᠢᠯᠡᠯ ᠡᠷᠴᠢᠮᠵᠢᠭ᠍ᠰᠡᠨ᠂ ᠬᠠᠮᠢᠶᠠᠷᠤᠯᠳ᠋ᠠ ᠲᠠᠷᠢᠭᠦᠨ᠂ ᠦᠷ᠎ᠠ ᠠᠰᠢᠭ ᠲᠤᠪᠤᠢ᠌ᠮ᠎ᠠ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠴᠢᠷᠮᠠᠢ᠌ᠨ ᠪᠠᠢ᠌ᠭᠤᠯᠵᠤ᠂ ᠨᠡᠩ ᠤᠯᠠᠨ ᠮᠠᠯᠴᠢᠨ ᠲᠠᠷᠢᠶᠠᠴᠢᠳ ᠢ ᠲᠠᠢ᠌ᠴᠢᠯᠠᠨ ᠤᠷᠤᠯᠭ᠎ᠠ ᠶᠢ ᠨᠢ ᠨᠡᠮᠡᠭ᠍ᠳ᠋ᠡᠭᠦᠯᠦᠨ ᠪᠠᠶᠠᠵᠢᠭᠤᠯᠬᠤ ᠬᠡᠷᠡᠭ᠍ᠳ᠋ᠠᠢ ᠭᠡᠵᠠᠢ᠃ (ᠯᠸᠢ ᠫᠠᠩ)