ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠳᠤ ᠪᠠᠢ᠌ᠴᠠᠭᠠᠨ ᠰᠤᠳ᠋ᠤᠯᠤᠯᠳ᠋ᠠ ᠬᠢᠪᠡ

       
             3 ᠰᠠᠷ᠎ᠠ ᠶᠢᠨ 7 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠳᠤ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠤᠯᠳ᠋ᠠ ᠬᠢᠪᠡ᠃
                

        ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠦᠪᠦᠷ ᠮᠤᠩᠭ᠋ᠤᠯ ᠤᠨ ᠪᠢ ᠹᠸᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠬᠦᠭ᠍ᠵᠢᠯᠳ᠋ᠡ ᠶᠢᠨ ᠬᠢᠵᠠᠭᠠᠷᠳ᠋ᠤ ᠺᠤᠮᠫᠠᠨᠢ ᠶᠢᠨ ᠠᠵᠤ ᠠᠬᠤᠢ᠌ᠯᠠᠯ ᠤᠨ ᠬᠠᠷᠢᠭᠤᠴᠠᠯᠭᠠᠳ᠋ᠠᠨ ᠲᠡᠶ ᠰᠠᠨᠠᠯ ᠶᠢᠡᠨ ᠰᠤᠯᠢᠯᠴᠡᠨ᠂ ᠮᠢᠬᠠᠨ ᠤ ᠦᠬᠡᠷ ᠤᠨ ᠡᠭᠦᠯᠳ᠋ᠡᠷ᠂ ᠬᠠᠮᠢᠶᠠᠷᠤᠯᠳ᠋ᠠ ᠶᠢᠨ ᠬᠡᠪ ᠵᠠᠭᠪᠤᠷ᠂ ᠪᠤᠷᠤᠯᠠᠭᠤᠯᠤᠯᠳ᠋ᠠ ᠶᠢᠨ ᠠᠷᠭ᠎ᠠ ᠵᠠᠮ ᠪᠠ ᠤᠷᠤᠰᠢᠵᠤ ᠪᠠᠢ᠌ᠬᠤ ᠬᠦᠴᠢᠷᠳ᠋ᠡᠯ ᠵᠢᠴᠢ ᠲᠠᠷᠠᠭᠠᠴᠢ ᠶᠢᠨ ᠠᠯᠬᠤᠮ ᠤᠨ ᠬᠦᠭ᠍ᠵᠢᠯᠳ᠋ᠡ ᠶᠢᠨ ᠲᠦ᠋ᠯᠦᠪᠵᠢᠭᠦᠯᠭᠡ ᠶᠢ ᠨᠠᠷᠢᠯᠢᠭ ᠤᠢ᠌ᠯᠠᠭᠠᠪᠠ᠃ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠤᠯᠳ᠋ᠠ ᠬᠢᠵᠦ ᠲᠠᠭᠤᠰᠤᠭᠰᠠᠨ ᠤ ᠲᠠᠷᠠᠭ᠎ᠠ ᠡᠦ ᠴᠢᠩ ᠬᠠᠢ ᠨᠡᠷ ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠵᠠᠰᠠᠭ ᠤᠨ ᠤᠷᠳ᠋ᠤᠨ ᠳᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠪᠦᠬᠦ ᠪᠠᠯᠭᠠᠰᠤᠨ ᠤ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠠᠬᠢᠭᠤᠯᠵᠤ ᠪᠠᠢ᠌ᠭ᠎ᠠ ᠪᠠᠢ᠌ᠳ᠋ᠠᠯ ᠢ ᠰᠤᠨᠤᠰᠴᠦ᠂ ᠤᠳ᠋ᠤᠬᠠᠨ ᠤ ᠠᠵᠢᠯ ᠢ ᠰᠠᠢ᠌ᠳ᠋ᠤᠷ ᠦᠷᠨᠢᠭᠦᠯᠬᠦ ᠲᠤᠬᠠᠢ ᠪᠠᠶᠠᠷᠳ᠋ᠤᠬᠤᠰᠢᠭᠤ ᠪᠠᠯᠭᠠᠰᠤᠨ ᠤ ᠨᠠᠮ ᠵᠠᠰᠠᠭ ᠤᠨ ᠤᠳ᠋ᠤᠷᠢᠳᠬᠤ ᠪᠠᠭ ᠲᠤ ᠰᠠᠨᠠᠯ ᠰᠠᠨᠠᠭᠤᠯᠭ᠎ᠠ ᠲᠤᠷᠠᠳᠪᠠ᠃ 

       
           ᠡᠦ ᠴᠢᠩ ᠬᠠᠢ ᠡᠴᠡ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠰᠠᠢ᠌ᠳ᠋ᠤᠷ ᠬᠢᠵᠦ᠂ ᠶᠠᠳ᠋ᠠᠭᠤ ᠡᠴᠡ ᠠᠩᠭᠢᠵᠢᠷᠠᠭᠤᠯᠤᠭᠰᠠᠨ ᠦᠷ᠎ᠠ ᠪᠦᠳ᠋ᠦᠭᠡᠯ ᠢ ᠴᠢᠨᠠᠭᠰᠢᠳ᠋ᠠ ᠪᠡᠭᠢᠵᠢᠭᠦᠯᠦᠨ ᠲᠡᠭᠡᠭ᠍ᠰᠢᠯᠡᠭᠦᠯᠬᠦ ᠪᠠ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠢ ᠪᠦᠳ᠋ᠦᠮᠵᠢᠳ᠋ᠠᠢ ᠵᠤᠯᠭᠠᠭᠤᠯᠤᠨ᠂ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠶᠡᠬᠡᠪᠡᠷ ᠲᠦ᠋ᠯᠬᠢᠨ ᠠᠬᠢᠭᠤᠯᠵᠤ᠂ ᠲᠠᠷᠢᠶᠠᠴᠢᠨ ᠮᠠᠯᠴᠢᠳ ᠤᠨ ᠤᠷᠤᠯᠭ᠎ᠠ ᠶᠢ ᠨᠡᠮᠡᠭ᠍ᠳ᠋ᠡᠭᠦᠯᠵᠦ᠂ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠪᠠᠢ᠌ᠳ᠋ᠠᠯ ᠢ ᠬᠠᠮᠠᠭᠠᠯᠠᠬᠤ ᠠᠵᠢᠯ ᠢ ᠰᠠᠢ᠌ᠳ᠋ᠤᠷ ᠬᠢᠵᠦ᠂ ᠪᠦᠬᠦ ᠤᠯᠤᠰ ᠤᠨ 《ᠬᠤᠶᠠᠷ ᠬᠤᠷᠠᠯ》 ᠤᠨ ᠬᠤᠭᠤᠴᠠᠭᠠᠨ ᠳ᠋ᠡᠬᠢ ᠠᠮᠤᠷ ᠲᠤᠭᠳ᠋ᠠᠭᠤᠨ ᠢ ᠦᠨᠡᠨᠬᠦ ᠪᠠᠳ᠋ᠤᠯᠠᠨ᠂ ᠬᠦᠳ᠋ᠡᠭᠡ ᠲᠤᠰᠬᠤᠨ ᠤ ᠵᠢᠭᠤᠯᠴᠢᠯᠠᠯ ᠤᠨ ᠠᠵᠤ ᠦᠢᠯᠡᠰ ᠢ ᠰᠠᠢ᠌ᠳ᠋ᠤᠷ ᠬᠦᠭ᠍ᠵᠢᠭᠦᠯᠵᠦ᠂ ᠮᠠᠯᠴᠢᠳ ᠤᠨ ᠤᠷᠤᠯᠭ᠎ᠠ ᠪᠠᠨ ᠨᠡᠮᠡᠭ᠍ᠳ᠋ᠡᠭᠦᠯᠬᠦ ᠠᠰᠠᠭᠤᠳ᠋ᠠᠯ ᠢ ᠬᠦᠴᠦᠯᠡᠨ ᠰᠢ᠌ᠳᠪᠦᠷᠢᠯᠡᠵᠦ᠂ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠩᠭ᠋ᠤᠵᠢᠭᠤᠯᠤᠨ᠂ ᠭᠠᠳ᠋ᠠᠨ᠎ᠠ ᠭᠠᠵᠠᠷ ᠡᠴᠡ ᠢᠷᠡᠬᠦ ᠬᠦᠮᠦᠰ ᠤᠨ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠭᠦ ᠬᠡᠷᠡᠭ᠍ᠳ᠋ᠠᠢ᠃ ᠨᠡᠢ᠌ᠳ᠋ᠡᠯᠢᠭ᠌ ᠵᠢᠱᠢᠶ᠎ᠠ ᠪᠠᠷ ᠬᠦᠳ᠋ᠦᠯᠦᠨ ᠲᠠᠭᠠᠭᠤᠯᠬᠤ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠨᠡᠢ᠌ᠳ᠋ᠡᠯᠢᠭ᠌ ᠬᠦᠮᠦᠨ ᠪᠠ ᠦᠯᠢᠭᠡᠷ ᠶᠠᠪᠤᠳ᠋ᠠᠯ ᠢ ᠭᠦᠨᠵᠡᠭᠡᠢ ᠠᠭᠤᠳ᠋ᠠᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠰᠠᠢ᠌ᠳ᠋ᠤᠷ ᠬᠢᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠦᠨᠡᠭᠡᠴᠢ ᠰᠤᠮᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠪᠠᠢ᠌ᠴᠠᠭᠠᠵᠤ ᠵᠢᠯᠤᠭᠤᠳᠪᠠ