ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ᠁
ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢᠭᠡᠳ᠋ᠦᠭᠡᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ

       

       3 ᠰᠠᠷ᠎ᠠ ᠶᠢᠨ 9 ᠤ ᠡᠳ᠋ᠦᠷ ᠤᠨ ᠦᠳ᠋ᠡ ᠶᠢᠨ ᠬᠤᠢ᠌ᠨ᠎ᠠ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢᠭᠡᠳ᠋ᠦᠭᠡᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠵᠢᠴᠢ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ ᠰᠦ᠋ᠸᠸ ᠮᠢᠩ ᠢᠦᠢ᠂ ᠬᠤᠰᠢᠭᠤᠨ ᠤ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠭᠦᠸᠸ ᠶᠠ ᠹᠸᠩ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠲᠠᠷᠤᠭ᠎ᠠ ᠲᠤᠩᠭ᠋ᠠᠯᠠᠭ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠤᠩ᠂ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠲᠡᠳ᠋ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠤᠨ ᠲᠡᠳ᠋ ᠡᠷᠬᠢᠯᠡᠭ᠍ᠴᠢ ᠪᠤᠤ ᠯᠢ ᠵᠢᠶ‍ᠦ᠋ᠨ ᠬᠤᠷᠠᠯ ᠳᠤ ᠰᠤᠯᠠ ᠤᠷᠤᠯᠴᠠᠪᠠ᠃ ᠬᠤᠷᠠᠯ ᠢ ᠡᠦ ᠴᠢᠩ ᠬᠠᠢ ᠡᠷᠬᠢᠯᠡᠪᠡ᠃

         
          ᠲᠤᠰ ᠤᠳ᠋ᠠᠭᠠᠨ ᠤ ᠬᠤᠷᠠᠯᠳ᠋ᠤᠭᠠᠨ ᠳᠤ ᠤᠷᠤᠯᠴᠠᠬᠤ ᠶᠤᠰᠤᠳ᠋ᠠᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠨ 33 ᠬᠦᠮᠦᠨ᠂ ᠪᠤᠳ᠋ᠠᠳ᠋ᠠᠢ ᠤᠷᠤᠯᠴᠠᠭᠰᠠᠨ ᠨᠢ 32 ᠬᠦᠮᠦᠨ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃ ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯᠳ᠋ᠤᠭᠠᠨ ᠤ ᠵᠤᠷᠢᠭ ᠰᠠᠨᠠᠭ᠎ᠠ ᠶᠢ ᠲᠠᠭᠠᠭᠤᠯᠤᠨ ᠰᠤᠷᠤᠯᠴᠠᠪᠠ᠃

        
             ᠬᠤᠷᠠᠯ ᠡᠴᠡ ᠠᠵᠢᠯᠳ᠋ᠡᠨ ᠢ ᠲᠤᠮᠢᠯᠠᠵᠤ ᠪᠠᠭᠤᠯᠭᠠᠬᠤ ᠶᠠᠪᠤᠴᠠ ᠶᠢ ᠶᠠᠪᠤᠭᠳ᠋ᠠᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠭᠦᠸᠸ ᠶᠠ ᠹᠸᠩ 《ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠳᠤ ᠲᠤᠷᠠᠳ᠋ᠤᠨ ᠲᠡᠪᠰᠢᠭᠦᠯᠦᠭ᠍ᠰᠡᠨ ᠺᠠᠳ᠋ᠷ ᠢ ᠲᠤᠰᠢᠶᠠᠯ ᠳᠤ ᠲᠤᠮᠢᠯᠠᠬᠤ ᠪᠠᠭᠤᠯᠭᠠᠬᠤ ᠲᠤᠬᠠᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠵᠦ᠋ᠪᠯᠡᠯᠭᠡ》 ᠶᠢ ᠤᠩᠰᠢᠨ ᠨᠡᠢ᠌ᠳ᠋ᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ ᠰᠦ᠋ᠸᠸ ᠮᠢᠩ ᠢᠦᠢ ᠲᠤᠰᠢᠶᠠᠯ ᠬᠠᠷᠢᠭᠤᠴᠠᠬᠤ ᠪᠠᠷ ᠪᠠᠢ᠌ᠭ᠎ᠠ ᠬᠦᠮᠦᠰ ᠤᠨ ᠲᠤᠪᠴᠢ ᠨᠠᠮᠳ᠋ᠠᠷ ᠢ ᠲᠠᠨᠢᠯᠴᠠᠭᠤᠯᠪᠠ᠃ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠤᠩ 《ᠶᠤᠸᠠᠨ ᠪᠤᠤ ᠡᠾᠦ᠋ᠢ ᠵᠡᠷᠭᠡ ᠬᠤᠶᠠᠷ ᠨᠦ᠋ᠬᠦᠷ ᠤᠨ ᠬᠠᠦᠯᠢ ᠴᠠᠭᠠᠵᠠ ᠶᠢᠨ ᠲᠤᠰᠢᠶᠠᠯ ᠡᠭᠦᠷᠭᠡᠯᠡᠬᠦ ᠲᠤᠷᠠᠳ᠋ᠤᠨ ᠲᠡᠪᠰᠢᠭᠦᠯᠦᠭ᠍ᠰᠡᠨ ᠮᠡᠳ᠋ᠡᠭᠦᠯᠦᠯᠳ᠋ᠡ》 ᠶᠢ ᠤᠩᠰᠢᠨ ᠨᠡᠢ᠌ᠳ᠋ᠡᠯᠡᠭ᠍ᠰᠡᠨ ᠪᠦᠭᠡᠳ ᠲᠤᠰᠢᠶᠠᠯ ᠬᠠᠷᠢᠭᠤᠴᠠᠬᠤ ᠪᠠᠷ ᠪᠠᠢ᠌ᠭ᠎ᠠ ᠬᠦᠮᠦᠰ ᠤᠨ ᠲᠤᠪᠴᠢ ᠨᠠᠮᠳ᠋ᠠᠷ ᠢ ᠲᠠᠨᠢᠯᠴᠠᠭᠤᠯᠪᠠ᠃

         
             ᠬᠤᠷᠠᠯ ᠲᠡᠭᠡᠷ᠎ᠠ ᠲᠤᠰᠢᠶᠠᠯ ᠬᠠᠷᠢᠭᠤᠴᠠᠬᠤ ᠪᠠᠷ ᠪᠠᠢ᠌ᠭ᠎ᠠ ᠬᠦᠮᠦᠰ ᠲᠤᠰᠢᠶᠠᠯ ᠡᠭᠦᠷᠭᠡᠯᠡᠬᠦ ᠶᠠᠷᠢᠶ᠎ᠠ ᠬᠢᠪᠡ᠃ ᠬᠠᠮᠢᠶ᠎ᠠ ᠪᠦᠬᠦᠢ ᠲᠤᠭᠳ᠋ᠠᠭᠠᠯ ᠢ ᠦᠨᠳ᠋ᠦᠰᠦᠯᠡᠨ᠂ ᠬᠤᠷᠠᠯ ᠡᠴᠡ  ᠡᠮᠦᠨ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠲᠤᠰᠢᠶᠠᠯ ᠳᠤ ᠭᠠᠷᠬᠤ ᠬᠦᠮᠦᠰ ᠲᠤ ᠲᠤᠰᠢᠶᠠᠯ ᠳᠤ ᠲᠤᠮᠢᠯᠠᠬᠤ ᠡᠴᠡ ᠡᠮᠦᠨᠡᠬᠢ ᠬᠠᠦᠯᠢ ᠴᠠᠭᠠᠵᠠ ᠶᠢᠨ ᠮᠡᠳ᠋ᠡᠯᠭᠡ ᠶᠢᠨ ᠰᠢᠯᠭᠠᠯᠳ᠋ᠠ ᠬᠢᠵᠦ᠂ ᠰᠢᠯᠭᠠᠯᠳ᠋ᠠ ᠶᠢᠨ ᠬᠢᠷᠢ ᠪᠦᠳ᠋ᠦᠮᠵᠢ ᠨᠢ ᠬᠢᠷᠢ ᠲᠡᠩᠴᠡᠨ᠂ ᠨᠢᠭᠡᠨᠳ᠋ᠡ ᠲᠤᠰᠢᠶᠠᠯ ᠳᠤ ᠲᠤᠮᠢᠯᠠᠬᠤ ᠬᠠᠦᠯᠢ ᠴᠠᠭᠠᠵᠠ ᠶᠢᠨ ᠬᠡᠪ ᠴᠢᠨᠠᠷ ᠢ ᠪᠦᠷᠢᠯᠳ᠋ᠦᠭᠦᠯᠦᠭ᠍ᠰᠡᠨ ᠪᠠᠢ᠌ᠨ᠎ᠠ᠃

         
              ᠬᠤᠷᠠᠯ ᠡᠴᠡ ᠪᠢᠯᠸᠲ ᠦᠭ᠍ᠴᠦ ᠪᠠᠳ᠋ᠤᠯᠠᠬᠤ ᠬᠡᠯᠪᠡᠷᠢ ᠪᠠᠷ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 28 ᠪᠦᠷᠢᠯᠳ᠋ᠦᠭᠦᠨ ᠰᠠᠯᠠᠭ᠎ᠠ ᠮᠦ᠋ᠴᠢᠷ ᠤᠨ ᠲᠤᠪᠴᠢᠶᠠᠨ ᠲᠠᠷᠤᠭ᠎ᠠ᠂ ᠡᠷᠬᠢᠯᠡᠭ᠍ᠴᠢ ᠪᠠ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ 2 ᠨᠡᠷᠡᠰ ᠪᠠᠢ᠌ᠴᠠᠭᠠᠬᠤ ᠵᠦ᠋ᠪᠯᠡᠯ ᠤᠨ ᠭᠡᠰᠢᠭᠦᠨ ᠢ ᠲᠤᠮᠢᠯᠠᠪᠠ᠃ 

            
           ᠡᠦ ᠴᠢᠩ ᠬᠠᠢ ᠰᠢᠨ᠎ᠠ ᠪᠠᠷ ᠲᠤᠮᠢᠯᠠᠭᠳ᠋ᠠᠭᠰᠠᠨ ᠬᠦᠮᠦᠰ ᠲᠤ ᠲᠤᠮᠢᠯᠠᠯ ᠤᠨ ᠪᠢᠴᠢᠭ᠌ ᠭᠠᠷᠳ᠋ᠠᠭᠤᠯᠤᠭᠰᠠᠨ ᠪᠦᠭᠡᠳ 《ᠦᠨᠳ᠋ᠦᠰᠦᠨ ᠬᠠᠦᠯᠢ ᠳᠤ ᠲᠠᠩᠭ᠋ᠠᠷᠢᠭᠯᠠᠬᠤ ᠲᠦ᠋ᠷᠢᠮ ᠢ ᠬᠡᠷᠡᠭ᠍ᠵᠢᠭᠦᠯᠬᠦ ᠲᠤᠬᠠᠢ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠭᠳ᠋ᠠᠭᠠᠯ》 ᠪᠠ ᠦᠪᠡᠷᠳ᠋ᠡᠭᠡᠨ ᠵᠠᠰᠠᠬᠤ ᠤᠷᠤᠨ᠂ ᠲᠦ᠋ᠩᠯᠢᠶᠤᠤ ᠬᠤᠳ᠋ᠠ᠂ ᠵᠠᠷᠤᠳ ᠬᠤᠰᠢᠭᠤᠨ ᠤ ᠦᠨᠳ᠋ᠦᠰᠦᠨ ᠬᠠᠦᠯᠢ ᠳᠤ ᠲᠠᠩᠭ᠋ᠠᠷᠢᠭᠯᠠᠬᠤ ᠲᠦ᠋ᠷᠢᠮ ᠢ ᠵᠤᠬᠢᠶᠠᠨ ᠪᠠᠢ᠌ᠭᠤᠯᠤᠨ ᠬᠡᠷᠡᠭ᠍ᠵᠢᠭᠦᠯᠬᠦ ᠠᠷᠭ᠎ᠠ ᠶᠢᠨ ᠲᠤᠭᠳ᠋ᠠᠭᠠᠯ ᠢ ᠦᠨᠳ᠋ᠦᠰᠦᠯᠡᠵᠦ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠨ ᠬᠦᠮᠦᠰ ᠬᠠᠦᠯᠢ ᠳᠤ ᠲᠠᠩᠭ᠋ᠠᠷᠢᠭᠯᠠᠪᠠ᠃

       
            ᠬᠤᠷᠠᠯ ᠡᠴᠡ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠬᠢᠷᠢ ᠭᠡᠮ ᠢ ᠬᠢᠨᠠᠨ ᠪᠠᠢ᠌ᠴᠠᠭᠠᠬᠤ ᠵᠦ᠋ᠪᠯᠡᠯ ᠤᠨ ᠪᠦᠷᠢᠯᠳ᠋ᠦᠭᠦᠨ ᠭᠡᠰᠢᠭᠦᠨ ᠤ ᠨᠡᠷᠡᠰ (ᠲᠦ᠋ᠰᠦᠯ) ᠢ ᠬᠢᠨᠠᠨ ᠵᠦ᠋ᠪᠯᠡᠵᠦ ᠪᠠᠳ᠋ᠤᠯᠠᠪᠠ᠃ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠤᠨ 2021 ᠤᠨ ᠤ ᠲᠦ᠋ᠷᠢᠮᠵᠢᠭ᠍ᠰᠡᠨ ᠴᠢᠨᠠᠷᠳ᠋ᠠᠢ ᠪᠢᠴᠢᠭ᠌ ᠮᠠᠲ᠋ᠸᠷᠢᠶᠠᠯ ᠢ ᠲᠠᠩᠰᠠᠯᠠᠵᠦ ᠬᠢᠨᠠᠨ ᠪᠠᠢ᠌ᠴᠠᠭᠠᠭᠰᠠᠨ ᠠᠵᠢᠯ ᠤᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ ᠶᠢ ᠰᠤᠨᠤᠰᠪᠠ᠃《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 2022 ᠤᠨ ᠤ ᠠᠵᠢᠯ ᠤᠨ ᠭᠤᠤᠯᠳ᠋ᠠᠯᠭ᠎ᠠ》ᠵᠢ ᠬᠢᠨᠠᠨ ᠵᠦ᠋ᠪᠯᠡᠵᠦ ᠪᠠᠳ᠋ᠤᠯᠠᠪᠠ᠃

       
           ᠬᠤᠷᠠᠯ ᠲᠡᠭᠡᠷ᠎ᠠ᠂ ᠡᠦ ᠴᠢᠩ ᠬᠠᠢ ᠰᠢᠨ᠎ᠠ ᠨᠢᠭᠡ ᠬᠤᠭᠤᠴᠠᠭᠠᠨ ᠤ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠨᠡᠷ ᠤᠨ ᠲᠤᠰᠢᠶᠠᠯ ᠬᠠᠷᠢᠭᠤᠴᠠᠯᠭ᠎ᠠ ᠪᠠᠨ ᠬᠡᠷᠬᠢᠨ ᠴᠢᠨᠠᠷ ᠰᠠᠢ᠌ᠳ᠋ᠠᠢ ᠭᠦᠢᠴᠡᠳᠭᠡᠬᠦ ᠲᠤᠬᠠᠢ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ ᠡᠦ ᠴᠢᠩ ᠬᠠᠢ ᠡᠴᠡ᠂ ᠤᠨᠤᠯ ᠤᠨ ᠰᠤᠷᠤᠯᠴᠠᠯᠭ᠎ᠠ ᠪᠠᠨ ᠴᠢᠩᠭ᠋ᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠᠨ ᠲᠠᠰᠤᠷᠠᠯᠳ᠋ᠠ ᠦᠭᠡᠶ ᠲᠡᠭᠦᠯᠳ᠋ᠡᠷᠵᠢᠭᠦᠯᠦᠨ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠭᠤᠤᠯ ᠠᠵᠢᠯ ᠳᠤ ᠠᠩᠬᠠᠷᠤᠯ ᠶᠢᠡᠨ ᠲᠦ᠋ᠪᠯᠡᠷᠡᠭᠦᠯᠦᠨ᠂ ᠪᠠᠢ᠌ᠴᠠᠭᠠᠨ ᠰᠤᠳ᠋ᠤᠯᠬᠤ ᠴᠢᠳ᠋ᠠᠪᠤᠷᠢ᠂ ᠬᠢᠨᠠᠨ ᠪᠠᠳ᠋ᠤᠯᠠᠬᠤ ᠴᠢᠳ᠋ᠠᠪᠤᠷᠢ᠂ ᠬᠢᠨᠠᠨ ᠪᠠᠢ᠌ᠴᠠᠭᠠᠬᠤ ᠴᠢᠳ᠋ᠠᠪᠤᠷᠢ ᠪᠠᠨ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠢ ᠭᠦᠢᠴᠡᠳ ᠢᠯᠡᠷᠡᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠭᠦᠷᠭᠡ ᠴᠢᠳ᠋ᠠᠪᠬᠢ ᠶᠢᠨ ᠦᠢᠯᠡᠳ᠋ᠦᠯ ᠢ ᠨᠡᠩ ᠰᠠᠢ᠌ᠳ᠋ᠤᠷ ᠪᠠᠳ᠋ᠠᠷᠠᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢ ᠶᠢᠰᠤᠳ᠋ᠤᠭᠡᠷ ᠬᠤᠷᠠᠯ ᠬᠤᠷᠠᠯᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ