ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ 2021 ᠤᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠪᠠ ᠠᠷᠠᠳᠴᠢᠯᠠᠯ ᠶᠢᠡᠷ ᠨᠠᠮ ᠤᠨ ᠭᠡᠰᠢᠭᠦᠨ ᠢ ᠦᠨᠡᠯᠡᠬᠦ ᠬᠤᠷᠠᠯ ᠬᠤᠷᠠᠯᠳ᠋ᠤᠪᠠ

   3 ᠰᠠᠷ᠎ᠠ ᠶᠢᠨ 11 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ 2021 ᠤᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠪᠠ ᠠᠷᠠᠳᠴᠢᠯᠠᠯ ᠶᠢᠡᠷ ᠨᠠᠮ ᠤᠨ ᠭᠡᠰᠢᠭᠦᠨ ᠢ ᠦᠨᠡᠯᠡᠬᠦ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠭᠡᠰᠢᠭᠦᠨ ᠤᠳ᠋ᠤᠷᠢᠳ᠋ᠤᠯᠭ᠎ᠠ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠰᠠᠭᠠᠳ᠋ᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃

    
        ᠬᠤᠷᠠᠯ ᠡᠴᠡ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠡᠴᠡ ᠨᠠᠮ ᠤᠨ ᠡᠭᠦᠷ ᠤᠨ ᠤᠳ᠋ᠤᠷᠢᠳᠬᠤ ᠪᠠᠭ ᠪᠤᠯᠤᠨ ᠤᠳ᠋ᠤᠷᠢᠳᠬᠤ ᠪᠠᠭ ᠤᠨ ᠭᠡᠰᠢᠭᠦᠳ ᠤᠨ ᠲᠤᠬᠠᠢ ᠰᠠᠨᠠᠯ ᠰᠠᠨᠠᠭᠤᠯᠭ᠎ᠠ ᠶᠢ ᠦᠷᠭᠡᠨ ᠶᠢᠡᠷ ᠬᠤᠷᠢᠶᠠᠨ᠂ ᠰᠡᠳᠭᠢᠯ ᠤᠨ ᠦᠭᠡ ᠪᠠᠨ ᠶᠠᠷᠢᠯᠴᠡᠵᠦ᠂ ᠠᠰᠠᠭᠤᠳ᠋ᠠᠯ ᠢ ᠪᠠᠢ᠌ᠴᠠᠭᠠᠨ ᠦᠵᠡᠬᠦ ᠠᠵᠢᠯ ᠢ ᠭᠦᠨᠵᠡᠭᠡᠢ ᠦᠷᠨᠢᠭᠦᠯᠦᠨ᠂ ᠤᠳ᠋ᠤᠷᠢᠳᠬᠤ ᠪᠠᠭ ᠪᠤᠯᠤᠨ ᠬᠤᠪᠢ ᠬᠦᠮᠦᠨ ᠬᠠᠷᠢᠴᠠᠭᠤᠯᠤᠨ ᠪᠠᠢ᠌ᠴᠠᠭᠠᠭᠰᠠᠨ ᠮᠠᠲ᠋ᠸᠷᠢᠶᠠᠯ  ᠶᠢᠡᠨ ᠨᠠᠷᠢᠨ ᠬᠢᠨᠠᠮᠠᠭᠠᠢ ᠪᠢᠴᠢᠵᠦ᠂ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠢ ᠬᠢᠬᠦ ᠳᠤ ᠪᠠᠳ᠋ᠤ ᠪᠡᠬᠢ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠢ᠌ᠨ᠎ᠠ᠃
         ᠨᠠᠮ ᠤᠨ ᠭᠡᠰᠢᠭᠦᠳ ᠤᠨ ᠬᠤᠷᠠᠯ ᠬᠤᠷᠠᠯᠳ᠋ᠤᠭᠤᠯᠤᠨ᠂ ᠯᠢ ᠴᠸᠩ ᠭᠦᠸᠸ ᠨᠠᠮ ᠤᠨ ᠡᠭᠦᠷ ᠤᠨ ᠵᠦ᠋ᠪᠯᠡᠯ ᠤᠨ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠤᠨ ᠰᠠᠨᠠᠯ ᠬᠤᠷᠢᠶᠠᠭᠰᠠᠨ᠂ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠤᠨ ᠪᠠᠢ᠌ᠳ᠋ᠠᠯ ᠢ ᠵᠠᠷᠯᠡᠨ ᠮᠡᠳ᠋ᠡᠭ᠍ᠳ᠋ᠡᠭ᠍ᠰᠡᠨ ᠪᠦᠭᠡᠳ ᠤᠳ᠋ᠤᠷᠢᠳᠬᠤ ᠪᠠᠭ ᠶᠢᠡᠨ ᠲᠦ᠋ᠯᠦᠭᠡᠯᠡᠨ ᠬᠠᠷᠢᠴᠠᠭᠤᠯᠤᠨ ᠪᠠᠢ᠌ᠴᠠᠭᠠᠵᠤ᠂ ᠲᠦ᠋ᠷᠦᠭᠦᠯᠡᠨ ᠦᠪᠡᠷ ᠤᠨ ᠰᠢᠭᠦᠮᠵᠢᠯᠡᠯ ᠬᠢᠵᠦ᠂ ᠪᠠᠢ᠌ᠭᠤᠯᠭ᠎ᠠ ᠶᠢᠨ ᠨᠠᠮ ᠤᠨ ᠡᠭᠦᠷ ᠤᠨ ᠭᠡᠰᠢᠭᠦᠳ ᠲᠠᠷᠠᠭᠠᠯᠠᠨ ᠰᠢᠭᠦᠮᠵᠢᠯᠡᠭ᠍ᠰᠡᠨ ᠰᠠᠨᠠᠯ ᠶᠢᠡᠨ ᠲᠤᠷᠠᠳ᠋ᠤᠭᠰᠠᠨ ᠪᠠᠢ᠌ᠨ᠎ᠠ᠃ ᠲᠠᠷᠠᠭ᠎ᠠ ᠨᠢ᠂ ᠨᠡᠮ ᠤᠨ ᠡᠭᠦᠷ ᠤᠨ ᠭᠡᠰᠢᠭᠦᠳ ᠨᠢᠭᠡᠳ ᠨᠢᠭᠡ ᠪᠠᠷ ᠶᠠᠷᠢᠶ᠎ᠠ ᠲᠠᠯᠪᠢᠨ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠦᠷᠨᠢᠭᠦᠯᠵᠦ᠂ ᠲᠤᠰ ᠪᠡᠶ᠎ᠠ ᠶᠢᠨ ᠠᠰᠠᠭᠤᠳ᠋ᠠᠯ ᠶᠢᠡᠨ ᠲᠦ᠋ᠪ ᠴᠢᠩᠭ᠎ᠠ ᠨᠠᠷᠢᠨ ᠬᠢᠨᠠᠮᠠᠭᠠᠢ ᠪᠠᠢ᠌ᠴᠠᠭᠠᠨ ᠲᠡᠯᠭᠡᠵᠦ᠂ ᠠᠰᠠᠭᠤᠳ᠋ᠠᠯ ᠤᠨ ᠡᠭᠦᠰᠦᠭ᠍ᠰᠡᠨ ᠰᠢᠯᠳ᠋ᠠᠭᠠᠨ ᠢ ᠭᠦᠨᠵᠡᠭᠡᠢ ᠵᠠᠳ᠋ᠠᠯᠬᠤ ᠶᠢᠨ ᠬᠠᠮᠳ᠋ᠤ ᠴᠢᠩ ᠦᠨᠡᠨᠴᠢ ᠪᠠᠷ ᠬᠦᠯᠢᠶᠡᠨ ᠠᠪᠴᠦ᠂ ᠨᠠᠷᠢᠨ ᠬᠢᠨᠠᠮᠠᠭᠠᠢ ᠬᠠᠨᠳ᠋ᠤᠨ᠂ ᠭᠦᠨᠵᠡᠭᠡᠢ ᠲᠤᠩᠭ᠋ᠠᠨ ᠪᠤᠳ᠋ᠤᠯᠭᠢᠯᠠᠵᠤ᠂ ᠰᠠᠢ᠌ᠵᠢᠷᠠᠭᠤᠯᠤᠨ ᠨᠠᠢ᠌ᠳ᠋ᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠢ᠌ᠳ᠋ᠤᠷ ᠠᠳᠬᠤᠨ᠎ᠠ ᠭᠡᠵᠦ ᠢᠯᠡᠳᠭᠡᠵᠡᠭᠡᠪᠡ᠃    


         ᠪᠠᠢ᠌ᠭᠤᠯᠭ᠎ᠠ ᠶᠢᠨ ᠨᠠᠮ ᠤᠨ ᠡᠭᠦᠷ ᠤᠨ ᠭᠤᠷᠪᠠᠨ ᠨᠠᠮ ᠤᠨ ᠪᠠᠭ᠎ᠠ ᠲᠤᠭᠤᠢ᠌ᠯᠠᠩ ᠲᠤᠰ ᠲᠤᠰ ᠨᠠᠮ ᠤᠨ ᠪᠠᠭ᠎ᠠ ᠲᠤᠭᠤᠢ᠌ᠯᠠᠩ ᠤᠨ ᠬᠤᠷᠠᠯ ᠬᠤᠷᠠᠯᠳ᠋ᠤᠭᠤᠯᠤᠨ᠂ ᠪᠦᠬᠦ ᠨᠠᠮ ᠤᠨ ᠭᠡᠰᠢᠭᠦᠨ ᠲᠠᠷᠠᠭ᠎ᠠ ᠲᠠᠷᠠᠭᠠᠯᠠᠨ ᠪᠠᠢ᠌ᠴᠠᠭᠠᠨ ᠵᠠᠳ᠋ᠠᠯᠵᠤ᠂ ᠤᠯᠤᠰ ᠲᠦ᠋ᠷᠦ᠂ ᠦᠵᠡᠯ ᠰᠠᠨᠠᠭ᠎ᠠ᠂ ᠰᠤᠷᠤᠯᠴᠠᠯᠭ᠎ᠠ᠂ ᠠᠵᠢᠯ᠂ ᠴᠢᠳ᠋ᠠᠪᠤᠷᠢ᠂ ᠰᠠᠬᠢᠯᠭ᠎ᠠ ᠪᠠᠳ᠋ᠤ᠂ ᠤᠪᠤᠷ ᠰᠤᠷᠳ᠋ᠠᠯ ᠵᠡᠷᠭᠡ ᠲᠠᠯ᠎ᠠ ᠶᠢᠨ ᠠᠰᠠᠭᠤᠳ᠋ᠠᠯ ᠪᠠ ᠬᠦᠷᠦᠯᠴᠡᠬᠦ ᠦᠭᠡᠶ ᠲᠠᠯ᠎ᠠ ᠶᠢ ᠪᠦᠬᠦ ᠲᠠᠯ᠎ᠠ ᠪᠠᠷ ᠡᠷᠢᠨ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠢ ᠢᠳ᠋ᠡᠪᠬᠢᠳ᠋ᠠᠢ ᠨᠠᠷᠢᠨ ᠬᠢᠨᠠᠮᠠᠭᠠᠢ ᠦᠷᠨᠢᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠪᠠᠭ᠎ᠠ ᠲᠤᠭᠤᠢ᠌ᠯᠠᠩ ᠤᠨ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠳᠤ ᠤᠷᠤᠯᠴᠡᠨ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠢ ᠲᠦ᠋ᠷᠦᠭᠦᠯᠡᠨ ᠦᠷᠨᠢᠭᠦᠯᠪᠡ᠃

   ᠠᠷᠠᠳᠴᠢᠯᠠᠯ ᠶᠢᠡᠷ ᠨᠠᠮ ᠤᠨ ᠭᠡᠰᠢᠭᠦᠨ ᠢ ᠦᠨᠡᠯᠡᠬᠦ ᠬᠤᠷᠠᠯ ᠬᠤᠷᠠᠯᠳ᠋ᠤᠭᠤᠯᠤᠨ᠂ ᠬᠤᠷᠠᠯ ᠲᠡᠭᠡᠷ᠎ᠠ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠨᠠᠮ ᠤᠨ ᠡᠭᠦᠷ  ᠢ ᠲᠦ᠋ᠯᠦᠭᠡᠯᠡᠨ ᠠᠵᠢᠯ ᠶᠢᠡᠨ ᠮᠡᠳ᠋ᠡᠭᠦᠯᠵᠦ᠂ ᠨᠠᠮ ᠤᠨ ᠡᠭᠦᠷ ᠤᠨ ᠠᠰᠠᠭᠤᠳ᠋ᠠᠯ ᠢ ᠪᠠᠢ᠌ᠴᠠᠭᠠᠨ ᠲᠡᠯᠭᠡᠭ᠍ᠰᠡᠨ ᠵᠡᠷᠭᠡ ᠲᠠᠯ᠎ᠠ ᠶᠢᠨ ᠪᠠᠢ᠌ᠳ᠋ᠠᠯ ᠢ ᠮᠡᠳ᠋ᠡᠭ᠍ᠳ᠋ᠡᠭ᠍ᠰᠡᠨ ᠪᠦᠭᠡᠳ ᠨᠠᠮ ᠤᠨ ᠭᠡᠰᠢᠭᠦᠳ ᠤᠨ ᠨᠠᠮ ᠤᠨ ᠡᠭᠦᠷ ᠤᠨ ᠤᠳ᠋ᠤᠷᠢᠳᠬᠤ ᠪᠠᠭ ᠤᠨ ᠲᠤᠬᠠᠢ ᠠᠷᠠᠳᠴᠢᠯᠠᠯ ᠶᠢᠡᠷ ᠦᠨᠡᠯᠡᠬᠦ ᠶᠢ ᠬᠦᠯᠢᠶᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 《2022 ᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠤᠤᠯᠳ᠋ᠠᠯᠭ᠎ᠠ ᠲᠡᠶ ᠠᠵᠢᠯ ᠢ ᠰᠠᠢ᠌ᠳ᠋ᠤᠷ ᠬᠢᠬᠦ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶ᠎ᠠ ᠲᠦ᠋ᠷᠦ ᠶᠢᠨ ᠶᠠᠪᠤᠳ᠋ᠠᠯ ᠤᠨ ᠬᠤᠷᠢᠶᠠᠨ ᠤ ᠰᠠᠨᠠᠯ》 ᠢ ᠲᠦ᠋ᠪᠯᠡᠷᠡᠨ ᠰᠤᠷᠤᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠬᠤᠪᠤᠯᠳ᠋ᠤ ᠭᠠᠴᠠᠭᠠᠨ ᠳᠤ ᠬᠦᠷᠴᠦ ᠨᠠᠮ ᠤᠨ ᠡᠭᠦᠷ ᠤᠨ ᠬᠠᠮᠳ᠋ᠤᠷᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ