ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠪᠠᠢ᠌ᠴᠠᠭᠠᠵᠤ ᠵᠢᠯᠤᠭᠤᠳᠪᠠ
3 ᠰᠠᠷ᠎ᠠ ᠶᠢᠨ 13 ᠤ ᠡᠳ᠋ᠦᠷ ᠤᠨ ᠤᠷᠤᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠪᠠᠢ᠌ᠴᠠᠭᠠᠵᠤ ᠵᠢᠯᠤᠭᠤᠳᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠲᠠᠷᠤᠭ᠎ᠠ ᠲᠤᠩᠭ᠋ᠠᠯᠠᠭ ᠪᠠᠷ᠎ᠠ ᠪᠤᠯᠪᠠ᠃
ᠡᠦ ᠴᠢᠩ ᠬᠠᠢ ᠨᠡᠷ ᠪᠠᠶᠠᠷᠳ᠋ᠤᠬᠤᠰᠢᠭᠤ ᠪᠠᠯᠭᠠᠰᠤ ᠶᠢᠨ ᠨᠠᠮ ᠵᠠᠰᠠᠭ ᠤᠨ ᠤᠳ᠋ᠤᠷᠢᠳᠬᠤ ᠪᠠᠭ ᠪᠤᠯᠤᠨ ᠰᠤᠷᠭᠠᠭᠤᠯᠢ᠂ ᠨᠠᠰᠤᠳ᠋ᠠᠨ ᠢ ᠠᠰᠠᠷᠠᠬᠤ ᠬᠦᠷᠢᠶᠡᠯᠡᠩ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠤᠮᠢᠯᠠᠭᠰᠠᠨ ᠰᠠᠯᠪᠤᠷᠢ᠂ ᠢᠳ᠋ᠡᠭᠡᠨ ᠤᠮᠳ᠋ᠠᠭᠠᠨ ᠡᠮ ᠲᠠᠩ ᠵᠡᠷᠭᠡ ᠪᠠᠯᠭᠠᠰᠤᠨ ᠳᠤ ᠰᠠᠭᠤᠭ᠎ᠠ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ ᠵᠢᠴᠢ ᠡᠯ᠎ᠠ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦ᠋ᠵᠢ ᠶᠢ ᠵᠤᠬᠢᠶᠠᠨ ᠪᠠᠢ᠌ᠭᠤᠯᠵᠤ᠂ ᠪᠦᠬᠦ ᠪᠠᠯᠭᠠᠰᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠢ ᠡᠵᠡᠮᠳ᠋ᠡᠬᠦ ᠲᠦ᠋ᠯᠬᠢᠨ ᠠᠬᠢᠭᠤᠯᠬᠤ ᠬᠤᠷᠠᠯ ᠬᠤᠷᠠᠯᠳ᠋ᠤᠭᠤᠯᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠷᠢᠯᠠᠭᠤᠯᠪᠠ᠃

ᠡᠦ ᠴᠢᠩ ᠬᠠᠢ ᠡᠴᠡ᠂ ᠦᠵᠡᠯ ᠰᠠᠨᠠᠭᠠᠨ ᠤ ᠲᠠᠨᠢᠯᠳ᠋ᠠ ᠪᠠᠨ ᠲᠡᠭᠡᠭ᠍ᠰᠢᠯᠡᠭᠦᠯᠦᠨ᠂ ᠰᠡᠷᠡᠮᠵᠢ ᠶᠢᠨ ᠤᠬᠠᠮᠰᠡᠷ ᠶᠢᠡᠨ ᠴᠢᠩᠭ᠋ᠠᠳᠬᠠᠵᠤ᠂ ᠬᠢᠵᠢᠭ᠌ ᠢ ᠰᠡᠷᠭᠡᠢ᠌ᠯᠡᠨ ᠡᠵᠡᠮᠳ᠋ᠡᠬᠦ ᠶᠢ ᠤᠳ᠋ᠤᠬᠠᠨ ᠤ ᠠᠵᠢᠯ ᠤᠨ ᠭᠤᠤᠯᠳ᠋ᠠᠯᠭ᠎ᠠ ᠶᠢᠨ ᠲᠤᠳ᠋ᠤᠷᠠᠬᠢ ᠭᠤᠤᠯᠳ᠋ᠠᠯᠭ᠎ᠠ ᠪᠤᠯᠭᠠᠬᠤ ᠬᠡᠷᠡᠭ᠍ᠳ᠋ᠠᠢ᠃ ᠲᠤᠳ᠋ᠠᠭᠳ᠋ᠠᠯ ᠢ ᠪᠠᠢ᠌ᠴᠠᠭᠠᠨ ᠨᠦ᠋ᠬᠦᠪᠦᠷᠢᠯᠡᠵᠦ᠂ ᠪᠤᠳ᠋ᠠᠰ ᠤᠨ ᠰᠡᠷᠭᠡᠢ᠌ᠯᠡᠯᠳ᠋ᠡ ᠶᠢᠨ ᠠᠵᠢᠯ ᠤᠨ ᠡᠷᠴᠢᠮ ᠶᠢᠡᠨ ᠤᠯᠠᠮ ᠨᠢᠭᠡ ᠠᠯᠬᠤᠮ ᠴᠢᠩᠭ᠋ᠠᠳᠬᠠᠨ᠂ ᠭᠠᠳ᠋ᠠᠨ᠎ᠠ ᠡᠴᠡ ᠢᠷᠡᠭ᠍ᠰᠡᠨ ᠲᠠᠸᠠᠷ᠂ ᠲᠦ᠋ᠷᠭᠡᠨ ᠬᠦᠷᠭᠡᠯᠳ᠋ᠡ᠂ ᠬᠦᠢᠳ᠋ᠡᠨ ᠬᠡᠯᠬᠢᠶᠡᠳ᠋ᠦ ᠡᠳ᠋ ᠪᠠᠷᠠᠭ᠎ᠠ ᠵᠡᠷᠭᠡ ᠳᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠴᠢᠩᠭ᠎ᠠ ᠨᠠᠢ᠌ᠳ᠋ᠠᠪᠤᠷᠢᠵᠢᠭᠤᠯᠬᠤ ᠬᠡᠷᠡᠭ᠍ᠳ᠋ᠡᠢ᠃ ᠭᠠᠳ᠋ᠠᠨ᠎ᠠ ᠡᠴᠡ ᠢᠷᠡᠭ᠍ᠰᠡᠨ ᠬᠦᠮᠦᠰ ᠤᠨ ᠪᠠᠢ᠌ᠳ᠋ᠠᠯ ᠢ ᠤᠢ᠌ᠯᠠᠭᠠᠨ ᠡᠵᠡᠮᠳ᠋ᠡᠬᠦ ᠡᠷᠴᠢᠮ ᠢ ᠴᠢᠩᠭ᠋ᠠᠷᠠᠭᠤᠯᠤᠨ᠂《ᠡᠭᠦᠳ᠋ᠡ ᠲᠤᠭᠰᠢᠬᠤ ᠠᠵᠢᠯᠯᠠᠭ᠎ᠠ》ᠦᠷᠨᠢᠭᠦᠯᠵᠦ᠂ ᠨᠤᠳ᠋ᠤᠭ ᠲᠠᠭᠠᠨ ᠪᠤᠴᠠᠭᠰᠠᠨ ᠬᠦᠮᠦᠰ ᠪᠠ ᠲᠤᠰ ᠭᠠᠵᠠᠷ ᠤᠨ ᠪᠤᠰᠤ ᠬᠦᠮᠦᠰ ᠤᠨ ᠪᠠᠯᠭᠠᠰᠤᠨ ᠳᠤ ᠤᠷᠤᠭᠰᠠᠨ ᠪᠠᠢ᠌ᠳ᠋ᠠᠯ ᠢ ᠡᠷᠦᠭᠡ ᠲᠠᠷᠠᠭᠠᠯᠠᠨ ᠡᠵᠡᠮᠰᠢᠨ᠂《ᠰᠠᠭᠤᠷᠢ ᠲᠤᠭ᠎ᠠ ᠲᠤᠳ᠋ᠤᠷᠬᠠᠢ᠂ ᠪᠠᠢ᠌ᠳ᠋ᠠᠯ ᠲᠤᠳ᠋ᠤᠷᠬᠠᠢ᠂ ᠬᠠᠮᠢᠶᠠᠷᠤᠨ ᠡᠵᠡᠮᠳ᠋ᠡᠬᠦ ᠶᠢ ᠪᠠᠳ᠋ᠤᠯᠠᠬᠤ ᠬᠡᠷᠡᠭ᠍ᠳ᠋ᠠᠢ》᠃ ᠭᠤᠤᠯᠳ᠋ᠠᠯᠭ᠎ᠠ ᠲᠡᠶ ᠲᠠᠯᠠᠪᠤᠷ ᠭᠠᠵᠠᠷ ᠤᠨ ᠰᠡᠷᠭᠡᠢ᠌ᠯᠡᠨ ᠡᠵᠡᠮᠳ᠋ᠡᠬᠦ ᠠᠵᠢᠯ ᠢ ᠴᠢᠩᠭ᠋ᠠᠳᠬᠠᠨ᠂ ᠠᠷᠢᠭᠤᠳᠬᠠᠬᠤ᠂ ᠪᠡᠶ᠎ᠠ ᠶᠢᠨ ᠬᠠᠯᠠᠭᠤᠨ ᠢ ᠪᠠᠢ᠌ᠴᠠᠭᠠᠨ ᠬᠡᠮᠵᠢᠬᠦ᠂ᠺᠣᠳ᠋ ᠰᠢᠷᠪᠢᠵᠦ ᠲᠡᠮᠳ᠋ᠡᠭᠯᠡᠬᠦ ᠵᠡᠷᠭᠡ ᠪᠦᠳ᠋ᠦᠮᠵᠢᠳ᠋ᠠᠢ ᠠᠷᠭ᠎ᠠ ᠬᠡᠮᠵᠢᠶ᠎ᠠ ᠠᠪᠴᠦ᠂ ᠡᠯ᠎ᠠ ᠵᠦ᠋ᠢᠯ ᠤᠨ ᠰᠡᠷᠭᠡᠢ᠌ᠯᠡᠨ ᠡᠵᠡᠮᠳ᠋ᠡᠬᠦ ᠠᠷᠭ᠎ᠠ ᠬᠡᠮᠵᠢᠶ᠎ᠠ ᠶᠢ ᠨᠠᠷᠢᠯᠢᠭ ᠪᠤᠳ᠋ᠠᠳ᠋ᠠᠢ ᠨᠠᠢ᠌ᠳ᠋ᠠᠪᠤᠷᠢᠵᠢᠭᠤᠯᠬᠤ ᠶᠢ ᠪᠠᠳ᠋ᠤᠯᠠᠬᠤ ᠬᠡᠷᠡᠭ᠍ᠳ᠋ᠠᠢ᠃ ᠪᠦᠭᠡᠮ ᠬᠦᠴᠢᠯ ᠤᠨ ᠰᠢᠯᠭᠠᠨ ᠪᠠᠢ᠌ᠴᠠᠭᠠᠬᠤ ᠴᠢᠳ᠋ᠠᠪᠤᠷᠢ ᠶᠢ ᠴᠢᠩᠭ᠋ᠠᠳᠬᠠᠨ᠂ ᠪᠦᠭᠡᠮ ᠬᠦᠴᠢᠯ ᠢ ᠰᠢᠯᠭᠠᠨ ᠪᠠᠢ᠌ᠴᠠᠭᠠᠬᠤ ᠴᠢᠳ᠋ᠠᠪᠤᠷᠢ ᠶᠢ ᠲᠦ᠋ᠷᠭᠡᠳᠬᠡᠨ ᠲᠡᠭᠡᠭ᠍ᠰᠢᠯᠡᠭᠦᠯᠵᠦ᠂ ᠪᠦᠭᠡᠮ ᠬᠦᠴᠢᠯ ᠢ ᠰᠢᠯᠭᠠᠨ ᠪᠠᠢ᠌ᠴᠠᠭᠠᠬᠤ ᠬᠦᠷᠢᠶ᠎ᠠ ᠬᠡᠪᠴᠢᠶ᠎ᠠ ᠶᠢ ᠠᠯᠢ ᠴᠢᠳ᠋ᠠᠬᠤ ᠪᠠᠷ ᠦᠷᠭᠡᠳᠭᠡᠨ᠂ ᠠᠶᠤᠯ ᠲᠦ᠋ᠭ᠍ᠰᠢᠭᠦᠷᠢ ᠶᠢᠨ ᠲᠠᠯᠳ᠋ᠠ ᠭᠡᠮ ᠢ ᠪᠦᠬᠦ ᠬᠦᠴᠦᠨ ᠶᠢᠡᠷ ᠶᠢᠡᠨ ᠵᠢᠭᠰᠠᠭᠠᠨ ᠪᠠᠢ᠌ᠴᠠᠭᠠᠨ᠎ᠠ᠃ ᠭᠤᠤᠯᠳ᠋ᠠᠯᠭ᠎ᠠ ᠲᠡᠶ ᠭᠠᠵᠠᠷ ᠲᠠᠯᠠᠪᠤᠷ ᠤᠨ ᠠᠷᠢᠭᠤᠳᠬᠠᠬᠤ ᠠᠵᠢᠯ ᠢ ᠨᠠᠷᠢᠨ ᠬᠢᠨᠠᠮᠠᠭᠠᠢ ᠰᠠᠢ᠌ᠳ᠋ᠤᠷ ᠬᠢᠬᠦ ᠶᠢᠨ ᠬᠠᠮᠳ᠋ᠤ ᠤᠳ᠋ᠤ ᠶᠢᠨ ᠪᠠᠢ᠌ᠭ᠎ᠠ ᠪᠠᠴᠢᠮ ᠪᠠᠢ᠌ᠳ᠋ᠠᠯ ᠢ ᠠᠷᠭᠠᠴᠠᠬᠤ ᠡᠳ᠋ ᠪᠤᠳ᠋ᠠᠰ ᠤᠨ ᠨᠦ᠋ᠭᠡᠴᠡ ᠶᠢ ᠲᠤᠳ᠋ᠤᠷᠬᠠᠢ ᠪᠦᠷᠢᠳᠭᠡᠨ ᠡᠮᠬᠢᠯᠡᠵᠦ᠂ ᠠᠷᠢᠭᠤᠳᠬᠠᠬᠤ ᠡᠮ ᠤᠨ ᠵᠦ᠋ᠢᠯ ᠢ ᠢᠳ᠋ᠡᠪᠬᠢᠳ᠋ᠠᠢ ᠬᠤᠳ᠋ᠠᠯᠳ᠋ᠤᠨ ᠠᠪᠴᠦ᠂ ᠭᠤᠤᠯᠳ᠋ᠠᠯᠭ᠎ᠠ ᠲᠡᠶ ᠲᠠᠯᠠᠪᠤᠷ ᠭᠠᠵᠠᠷ ᠤᠨ ᠤᠷᠴᠢᠨ ᠲᠤᠭᠤᠷᠢᠨ ᠢ ᠠᠷᠢᠭᠤᠳᠬᠠᠬᠤ ᠶᠢ ᠪᠦᠬᠦ ᠬᠦᠴᠦᠨ ᠶᠢᠡᠷ ᠶᠢᠡᠨ ᠰᠠᠢ᠌ᠳ᠋ᠤᠷ ᠬᠢᠬᠦ ᠬᠡᠷᠡᠭ᠍ᠳ᠋ᠠᠢ᠃ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠦ᠋ᠷᠦ ᠶᠢᠨ ᠪᠤᠳ᠋ᠤᠯᠭ᠎ᠠ ᠶᠢ ᠤᠬᠠᠭᠤᠯᠤᠨ ᠲᠠᠢ᠌ᠯᠪᠤᠷᠢᠯᠠᠵᠤ ᠲᠦ᠋ᠭᠡᠮᠡᠯᠵᠢᠭᠦᠯᠬᠦ ᠠᠵᠢᠯ ᠢ ᠴᠢᠩᠭ᠋ᠠᠳᠬᠠᠨ᠂ ᠤᠯᠠᠨ ᠲᠦ᠋ᠮᠡᠨ ᠢ ᠬᠦᠳ᠋ᠦᠯᠦᠨ ᠵᠢᠯᠤᠭᠤᠳᠴᠦ ᠬᠢᠵᠢᠭ᠌ ᠤᠨ ᠬᠤᠭᠤᠴᠠᠭᠠᠨ ᠳᠤ ᠴᠦ᠋ᠬᠡᠨ ᠴᠤᠭᠯᠠᠷᠠᠵᠤ᠂ ᠭᠠᠳ᠋ᠠᠭᠰᠢ ᠭᠠᠷᠬᠤ ᠦᠭᠡᠶ ᠪᠠᠢ᠌ᠬᠤ ᠶᠢ ᠪᠠᠳ᠋ᠤᠯᠠᠬᠤ ᠶᠢᠨ ᠬᠠᠮᠳ᠋ᠤ ᠰᠦ᠋ᠯᠵᠢᠶᠡᠨ ᠲᠡᠭᠡᠷ᠎ᠠ ᠪᠠᠷᠠᠭ᠎ᠠ ᠬᠤᠳ᠋ᠠᠯᠳ᠋ᠤᠨ ᠠᠪᠬᠤ ᠶᠢ ᠪᠠᠭᠠᠰᠬᠠᠨ᠂ ᠠᠮᠢ ᠨᠠᠰᠤᠨ ᠤ ᠠᠮᠤᠷ ᠲᠦ᠋ᠪᠰᠢᠨ ᠢ ᠪᠠᠳ᠋ᠤᠯᠠᠬᠤ ᠦᠵᠡᠯ ᠤᠬᠠᠮᠰᠡᠷ ᠲᠡᠶ ᠪᠤᠯᠭᠠᠬᠤ ᠬᠡᠷᠡᠭ᠍ᠳ᠋ᠠᠢ᠃ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠤᠳ᠋ᠠᠳ᠋ᠠᠢ᠌ᠵᠢᠭᠤᠯᠤᠨ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠵᠤᠬᠢᠶᠠᠨ ᠪᠠᠢ᠌ᠭᠤᠯᠤᠯᠳ᠋ᠠ ᠶᠢᠨ ᠤᠳ᠋ᠤᠷᠢᠳ᠋ᠤᠯᠭ᠎ᠠ ᠪᠠᠨ ᠴᠢᠩᠭ᠋ᠠᠳᠬᠠᠵᠤ᠂ ᠬᠠᠷᠢᠶ᠎ᠠ ᠤᠷᠤᠨ ᠤ ᠲᠤᠳ᠋ᠤᠷᠠᠬᠢ ᠡᠯ᠎ᠠ ᠱᠠᠳ᠋ᠤᠨ ᠤ ᠨᠠᠮ ᠤᠨ ᠲᠦ᠋ᠯᠦᠭᠡᠯᠡᠭ᠍ᠴᠢ᠂ ᠠᠷᠠᠳ ᠤᠨ ᠲᠦ᠋ᠯᠦᠭᠡᠯᠡᠭ᠍ᠴᠢ᠂ ᠤᠯᠤᠰ ᠲᠦ᠋ᠷᠦ ᠶᠢᠨ ᠵᠦ᠋ᠪᠯᠡᠯᠭᠡᠨ ᠤ ᠭᠡᠰᠢᠭᠦᠨ ᠤ ᠵᠢᠱᠢᠶᠡᠴᠢ ᠲᠠᠭᠠᠭᠤᠯᠤᠭᠴᠢ ᠦᠢᠯᠡᠳ᠋ᠦᠯ ᠢ ᠪᠠᠳ᠋ᠠᠷᠠᠭᠤᠯᠤᠨ᠂ ᠡᠯ᠎ᠠ ᠭᠠᠴᠠᠭ᠎ᠠ ᠲᠤᠰᠬᠤᠨ ᠤ《ᠬᠤᠶᠠᠷ ᠵᠦ᠋ᠪᠯᠡᠯ》ᠤᠨ ᠤᠳ᠋ᠤᠷᠢᠳᠬᠤ ᠪᠠᠭ ᠤᠨ ᠬᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠦ᠋ᠢᠯ ᠤᠨ ᠡᠭᠦᠷᠭᠡ ᠶᠢ ᠰᠠᠢ᠌ᠳ᠋ᠤᠷ ᠪᠡᠶᠡᠯᠡᠭᠦᠯᠬᠦ ᠬᠡᠷᠡᠭ᠍ᠳ᠋ᠠᠢ ᠭᠡᠵᠦ ᠱᠠᠭᠠᠷᠳ᠋ᠠᠪᠠ᠃
ᠬᠤᠷᠠᠯ ᠲᠡᠭᠡᠷ᠎ᠠ ᠪᠠᠰᠠ ᠲᠦ᠋ᠷᠦ ᠶᠢᠨ ᠶᠠᠪᠤᠳ᠋ᠠᠯ ᠤᠨ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ᠂ ᠲᠦ᠋ᠩᠯᠢᠶᠤᠤ ᠬᠤᠳ᠋ᠠ ᠪᠠ ᠬᠤᠰᠢᠭᠤᠨ ᠤ ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠠᠷᠬᠠᠭᠠᠪᠠ᠃ (ᠨᠠᠢ᠌ᠷᠠᠭᠤᠯᠤᠭᠴᠢ᠄ ᠯᠸᠢ ᠫᠠᠩ)