ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠦ᠋ᠯᠬᠢᠨ ᠠᠬᠢᠭᠤᠯᠬᠤ ᠬᠤᠷᠠᠯ
ᠰᠠᠷ᠎ᠠ ᠶᠢᠨ 14 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠦ᠋ᠯᠬᠢᠨ ᠠᠬᠢᠭᠤᠯᠬᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠳ᠋ᠠᠪᠠ᠃ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠳ ᠬᠤᠷᠠᠯ ᠳᠤ ᠤᠷᠤᠯᠴᠠᠪᠠ᠃


ᠬᠤᠷᠠᠯ ᠲᠡᠭᠡᠷ᠎ᠠ᠂ ᠡᠦ ᠴᠢᠩ ᠬᠠᠢ ᠡᠩ ᠲᠡᠷᠢᠭᠦᠨ ᠳᠤ ᠪᠦᠬᠦ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠦ᠋ᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠲᠠᠷᠬᠠᠭᠠᠪᠠ᠃ ᠡᠦ ᠴᠢᠩ ᠬᠠᠢ ᠡᠴᠡ᠂ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠳ ᠤᠳ᠋ᠤᠬᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠦᠨᠳ᠋ᠦ ᠨᠤᠴᠢᠳ᠋ᠠᠢ ᠪᠠᠢ᠌ᠳ᠋ᠠᠯ ᠢ ᠭᠦᠨᠵᠡᠭᠡᠢ ᠲᠠᠨᠢᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠷᠴᠢᠮ ᠶᠢᠡᠨ ᠴᠠᠭ ᠢᠮᠠᠭᠳ᠋ᠠ ᠴᠢᠩᠭ᠋ᠠᠳᠬᠠᠵᠤ᠂ ᠲᠤᠯᠭᠠᠮ᠎ᠠ ᠰᠡᠳᠭᠢᠯᠭᠡ᠂ ᠬᠠᠷᠢᠭᠤᠴᠠᠯᠭᠠᠳ᠋ᠤ ᠰᠡᠳᠭᠢᠯᠭᠡ ᠪᠤᠯᠤᠨ ᠲᠦ᠋ᠭ᠍ᠰᠢᠭᠦᠷᠢᠳ᠋ᠦ ᠰᠡᠳᠭᠢᠯᠭᠡ ᠪᠠᠨ ᠴᠢᠩᠭ᠋ᠠᠳᠬᠠᠨ᠂ ᠬᠢᠵᠢᠭ᠌ ᠤᠨ ᠬᠤᠭᠤᠴᠠᠭᠠᠨ ᠳᠤ ᠴᠦ᠋ᠬᠡᠨ ᠴᠤᠭᠯᠠᠷᠠᠵᠤ᠂ ᠭᠠᠳ᠋ᠠᠭᠰᠢ ᠭᠠᠷᠬᠤ ᠦᠭᠡᠶ ᠪᠠᠢ᠌ᠬᠤ ᠶᠢ ᠪᠠᠳ᠋ᠤᠯᠠᠬᠤ ᠬᠡᠷᠡᠭ᠍ᠳ᠋ᠠᠢ᠃ ᠪᠠᠢ᠌ᠭᠤᠯᠭ᠎ᠠ ᠶᠢᠨ ᠲᠤᠳ᠋ᠤᠭᠠᠳ᠋ᠤᠬᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠠᠮᠢᠶᠠᠷᠤᠨ ᠡᠵᠡᠮᠳ᠋ᠡᠬᠦ ᠡᠷᠴᠢᠮ ᠶᠢᠡᠨ ᠴᠢᠩᠭ᠋ᠠᠳᠬᠠᠨ᠂ ᠨᠠᠮ ᠤᠨ ᠭᠡᠰᠢᠭᠦᠳ ᠲᠦ᠋ᠷᠦᠭᠦᠯᠡᠨ ᠰᠡᠷᠭᠡᠢ᠌ᠯᠡᠨ ᠡᠵᠡᠮᠳ᠋ᠡᠬᠦ ᠰᠠᠬᠢᠯᠭ᠎ᠠ ᠪᠠᠳ᠋ᠤ ᠶᠢᠨ ᠱᠠᠭᠠᠷᠳ᠋ᠠᠯᠭ᠎ᠠ ᠶᠢ ᠵᠢᠷᠤᠮᠯᠠᠵᠤ᠂ ᠬᠠᠷᠢᠭᠤᠴᠠᠯᠭ᠎ᠠ ᠶᠢ ᠬᠤᠪᠢ ᠬᠦᠮᠦᠨ ᠳᠤ ᠬᠦᠷᠳ᠋ᠡᠯ᠎ᠠ ᠨᠠᠢ᠌ᠳ᠋ᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠰᠠᠢ᠌ᠳ᠋ᠤᠷ ᠭᠦᠢᠴᠡᠳᠭᠡᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ ᠪᠤᠯᠤᠨ ᠤᠯᠤᠰ ᠲᠦ᠋ᠷᠦ ᠶᠢᠨ ᠵᠦ᠋ᠪᠯᠡᠯᠭᠡᠨ ᠤ ᠠᠯᠪᠠᠨ ᠭᠡᠷ ᠤᠨ ᠬᠤᠯᠪᠤᠭᠠᠯᠠᠨ ᠬᠦᠳ᠋ᠡᠯᠦᠯᠴᠡᠬᠦ ᠲᠤᠭᠳ᠋ᠠᠴᠠ ᠶᠢ ᠲᠡᠭᠦᠯᠳ᠋ᠡᠷᠵᠢᠭᠦᠯᠦᠨ᠂ ᠪᠠᠢ᠌ᠭᠤᠯᠭ᠎ᠠ ᠶᠢᠨ ᠠᠰᠠᠷ ᠢ ᠠᠷᠢᠭᠤᠳᠬᠠᠬᠤ᠂ ᠺᠣᠳ᠋ ᠰᠢᠷᠪᠢᠭᠦ᠂ ᠪᠡᠶ᠎ᠠ ᠶᠢᠨ ᠬᠠᠯᠠᠭᠤᠨ ᠢ ᠬᠡᠮᠵᠢᠬᠦ᠂ ᠵᠢᠵᠢᠭᠦᠷᠯᠡᠨ ᠰᠠᠬᠢᠬᠤ ᠠᠵᠢᠯ ᠢ ᠴᠢᠩᠭ᠋ᠠᠳᠬᠠᠨ᠎ᠠ᠃ ᠨᠡᠢ᠌ᠭᠡᠮ ᠲᠤᠭᠤᠷᠢᠭ ᠤᠨ《ᠡᠭᠦᠳ᠋ᠡ ᠲᠤᠭᠰᠢᠬᠤ ᠠᠵᠢᠯᠯᠠᠭ᠎ᠠ》ᠳᠤ ᠰᠠᠢ᠌ᠳ᠋ᠤᠷ ᠬᠠᠮᠵᠢᠯᠴᠠᠨ᠂ ᠬᠠᠮᠢᠶ᠎ᠠ ᠪᠦᠬᠦᠢ ᠮᠡᠳ᠋ᠡᠭᠡ ᠵᠠᠩᠭᠢ ᠶᠢ ᠰᠠᠨᠠᠭᠠᠴᠢᠯᠠᠭ᠎ᠠ ᠡᠴᠡ ᠪᠠᠨ ᠬᠠᠩᠭ᠋ᠠᠬᠤ ᠶᠢᠨ ᠬᠠᠮᠳ᠋ᠤ ᠨᠡᠢ᠌ᠭᠡᠮ ᠲᠤᠭᠤᠷᠢᠭ ᠤᠨ ᠡᠷᠦᠭᠡ ᠳᠤ ᠬᠦᠷᠴᠦ ᠵᠢᠭᠰᠠᠭᠠᠨ ᠪᠠᠢ᠌ᠴᠠᠭᠠᠬᠤ ᠠᠵᠢᠯ ᠳᠤ ᠢᠳ᠋ᠡᠪᠬᠢᠳ᠋ᠠᠢ ᠤᠷᠤᠯᠴᠠᠬᠤ ᠬᠡᠷᠡᠭ᠍ᠳ᠋ᠠᠢ᠃ ᠰᠤᠮᠤ ᠪᠠᠯᠭᠠᠰᠤ ᠶᠢ ᠲᠠᠭᠠᠭᠠᠴᠢᠯᠠᠭᠰᠠᠨ ᠪᠠᠢ᠌ᠩᠭ᠋ᠤ ᠶᠢᠨ ᠬᠤᠷᠢᠶᠠᠨ ᠤ ᠭᠠᠵᠠᠷ ᠤᠨ ᠲᠡᠰ ᠤᠨ ᠤᠳ᠋ᠤᠷᠢᠳ᠋ᠤᠯᠭ᠎ᠠ ᠪᠤᠯᠤᠨ ᠭᠠᠴᠠᠭ᠎ᠠ ᠲᠤᠰᠬᠤᠨ ᠤ ᠨᠠᠮ ᠭᠡᠰᠢᠭᠦᠨ ᠺᠠᠳ᠋ᠷᠴᠤᠳ ᠵᠢᠴᠢ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠬᠦᠳ᠋ᠡᠯᠦᠯᠴᠡᠨ ᠲᠤᠰᠬᠤᠨ ᠡᠷᠦᠭᠡ ᠪᠠᠷ ᠭᠦᠨᠵᠡᠭᠡᠢ᠌ᠷᠡᠨ᠂ ᠪᠠᠢ᠌ᠳ᠋ᠠᠯ ᠢ ᠤᠢ᠌ᠯᠠᠭᠠᠵᠤ ᠵᠢᠭᠰᠠᠭᠠᠨ ᠪᠠᠢ᠌ᠴᠠᠭᠠᠵᠦ᠂ ᠲᠠᠭᠠᠭᠠᠴᠢᠯᠠᠭᠰᠠᠨ ᠭᠠᠵᠠᠷ ᠤᠷᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠤᠬᠢᠷᠠᠭᠤᠯᠤᠨ ᠪᠠᠢ᠌ᠷᠢᠯᠠᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃

ᠬᠤᠷᠠᠯ ᠲᠡᠭᠡᠷ᠎ᠠ᠂ ᠯᠢ ᠴᠸᠩ ᠭᠦᠸᠸ《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠤᠳ᠋ᠤᠷᠢᠳᠬᠤ ᠪᠠᠭ᠎ᠠ ᠲᠤᠭᠤᠢ᠌ᠯᠠᠩ ᠪᠠᠢ᠌ᠭᠤᠯᠬᠤ ᠲᠤᠬᠠᠢ ᠮᠡᠳ᠋ᠡᠭ᠍ᠳ᠋ᠡᠯ》 ᠪᠤᠯᠤᠨ《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠴᠢᠮ ᠪᠠᠢ᠌ᠳ᠋ᠠᠯ ᠢ ᠠᠷᠭᠠᠴᠠᠬᠤ ᠪᠡᠯᠡᠳᠭᠡᠯ ᠲᠦ᠋ᠰᠦᠪ》 ᠢ ᠤᠩᠰᠢᠨ ᠨᠡᠢ᠌ᠳ᠋ᠡᠯᠡᠭ᠍ᠰᠡᠨ ᠪᠦᠭᠡᠳ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠢ ᠦᠨᠳ᠋ᠦᠰᠦᠯᠡᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠠᠮᠢᠶ᠎ᠠ ᠪᠦᠬᠦᠢ ᠠᠵᠢᠯ ᠢ ᠪᠤᠳ᠋ᠠᠳ᠋ᠠᠢ ᠲᠤᠬᠢᠷᠠᠭᠤᠯᠤᠨ ᠪᠠᠢ᠌ᠷᠢᠯᠠᠭᠤᠯᠪᠠ᠃ 《ᠨᠠᠢ᠌ᠷᠠᠭᠤᠤᠯᠭᠴᠢ᠄ ᠯᠸᠢ ᠫᠠᠩ)