ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠠᠯᠪᠠᠨ ᠵᠠᠷᠯᠠᠯ
ᠭᠤᠷᠪᠠᠳ᠋ᠤᠭᠠᠷ ᠲᠤᠭᠠᠳ᠋ᠤ
(2022 ᠤᠨ ᠤ 3 ᠰᠠᠷ᠎ᠠ ᠶᠢᠨ 9 ᠤ ᠡᠳ᠋ᠦᠷ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ
ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠢᠭᠡᠳ᠋ᠦᠭᠡᠷ ᠤᠳ᠋ᠠᠭᠠᠨ ᠤ ᠬᠤᠷᠠᠯᠳ᠋ᠤᠭᠠᠨ ᠶᠢᠡᠷ ᠪᠠᠳ᠋ᠤᠯᠠᠪᠠ)
ᠵᠠᠷᠤᠳ ᠬᠤᠰᠢᠭᠤᠨ ᠤ 2021 ᠤᠨ ᠤ ᠵᠢᠷᠤᠮᠵᠢᠯ ᠤᠨ ᠴᠢᠨᠠᠷᠳ᠋ᠠᠢ ᠪᠢᠴᠢᠭ᠌ ᠮᠠᠲ᠋ᠸᠷᠢᠶᠠᠯ ᠢ ᠲᠠᠩᠰᠠᠯᠠᠭᠤᠯᠵᠤ ᠬᠢᠨᠠᠨ ᠪᠠᠢ᠌ᠴᠠᠭᠠᠭᠰᠠᠨ ᠠᠵᠢᠯ ᠤᠨ ᠪᠠᠢ᠌ᠳ᠋ᠠᠯ ᠤᠨ ᠮᠡᠳ᠋ᠡᠭᠦᠯᠦᠯᠳ᠋ᠡ ᠶᠢ 2022 ᠤᠨ ᠤ 3 ᠰᠠᠷ᠎ᠠ ᠶᠢᠨ 9 ᠤ ᠡᠳ᠋ᠦᠷ ᠬᠤᠷᠠᠯᠳ᠋ᠤᠭᠤᠯᠤᠭᠰᠠᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢᠭᠡᠳ᠋ᠦᠭᠡᠷ ᠤᠳ᠋ᠠᠭᠠᠨ ᠤ ᠬᠤᠷᠠᠯ ᠪᠠᠷ ᠬᠢᠨᠠᠨ ᠵᠦ᠋ᠪᠯᠡᠵᠦ ᠪᠠᠳ᠋ᠤᠯᠠᠪᠠ᠃ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠵᠢᠷᠤᠮᠵᠢᠯ ᠤᠨ ᠴᠢᠨᠠᠷᠳ᠋ᠠᠢ ᠪᠢᠴᠢᠭ᠌ ᠮᠠᠲ᠋ᠸᠷᠢᠶᠠᠯ ᠢ ᠲᠠᠩᠰᠠᠯᠠᠭᠤᠯᠵᠤ ᠬᠢᠨᠠᠨ ᠪᠠᠢ᠌ᠴᠠᠭᠠᠬᠤ ᠲᠦ᠋ᠷᠢᠮ》 ᠤᠨ ᠠᠷᠪᠠᠳ᠋ᠤᠭᠠᠷ ᠵᠤᠷᠪᠤᠰ ᠤᠨ ᠲᠤᠭᠳ᠋ᠠᠭᠠᠯ ᠢ ᠦᠨᠳ᠋ᠦᠰᠦᠯᠡᠨ᠂ ᠤᠳ᠋ᠤ 2021 ᠤᠨ ᠤ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠩᠰᠠᠯᠠᠭᠤᠯᠤᠭᠰᠠᠨ ᠬᠤᠶᠠᠷ ᠵᠢᠷᠤᠮᠵᠢᠯ ᠤᠨ ᠴᠢᠨᠠᠷᠳ᠋ᠠᠢ ᠪᠢᠴᠢᠭ᠌ ᠮᠠᠲ᠋ᠸᠷᠢᠶᠠᠯ ᠤᠨ ᠭᠠᠴᠠᠭ ᠢ ᠲᠤᠤᠷ᠎ᠠ ᠵᠠᠷᠯᠠᠶ᠎ᠠ᠄
ᠨᠢᠭᠡ᠂ 2021 ᠤᠨ ᠤ 6 ᠰᠠᠷ᠎ᠠ ᠶᠢᠨ 4 ᠤ ᠡᠳ᠋ᠦᠷ ᠨᠡᠢ᠌ᠳ᠋ᠡᠯᠡᠭ᠍ᠰᠡᠨ《ᠵᠠᠷᠤᠳ ᠬᠤᠰᠢᠭᠤᠨ ᠤ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠬᠠᠷᠠᠭᠠᠯᠵᠠᠯ ᠤᠨ ᠲᠦ᠋ᠷᠦ ᠶᠢᠨ ᠪᠤᠳ᠋ᠤᠯᠭ᠎ᠠ ᠶᠢ ᠲᠠᠷᠤᠮᠠᠯᠯᠠᠨ ᠲᠠᠷᠬᠠᠭᠠᠬᠤ ᠲᠤᠬᠠᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠠᠯᠪᠠᠨ ᠭᠡᠷ ᠤᠨ ᠮᠡᠳ᠋ᠡᠭ᠍ᠳ᠋ᠡᠯ》(ᠵᠠᠷᠤᠳ ᠬᠤᠰᠢᠭᠤᠨ ᠤ ᠵᠠᠰᠠᠭ ᠤᠨ ᠤᠷᠳ᠋ᠤᠨ ᠤ ᠠᠯᠪᠠᠨ ᠭᠡᠷ ᠤᠨ ᠦᠰᠦᠭ᠌ [2021]28 ᠳ᠋ᠤᠭᠠᠷ)
ᠬᠤᠶᠠᠷ᠂ 2021 ᠤᠨ ᠤ 12 ᠰᠠᠷ᠎ᠠ ᠶᠢᠨ 3 ᠤ ᠡᠳ᠋ᠦᠷ ᠨᠡᠢ᠌ᠳ᠋ᠡᠯᠡᠭ᠍ᠰᠡᠨ《2019 ᠊᠊᠊᠊᠊᠊᠊᠊᠊᠊᠊᠊᠊᠊᠊2020 ᠤᠨ ᠤ ᠵᠢᠷᠤᠮᠵᠢᠯ ᠤᠨ ᠴᠢᠨᠠᠷᠳ᠋ᠠᠢ ᠪᠢᠴᠢᠭ᠌ ᠮᠠᠲ᠋ᠸᠷᠢᠶᠠᠯ ᠢ ᠲᠢᠭᠯᠡᠭ᠍ᠰᠡᠨ ᠦᠷ᠎ᠠ ᠳ᠋ᠦ᠋ᠩ ᠤᠨ ᠲᠤᠬᠠᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠵᠠᠷᠯᠠᠯ》 (ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠦᠰᠦᠭ᠌ [ 2021] 44 ᠳ᠋ᠤᠭᠡᠷ)
ᠲᠤᠰ ᠠᠯᠪᠠᠨ ᠵᠠᠷᠯᠠᠯ
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ
2022 ᠤᠨ ᠤ 3 ᠰᠠᠷ᠎ᠠ ᠶᠢᠨ 14 ᠤ ᠡᠳ᠋ᠦᠷ