ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ

     3 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠭᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ᠃
               

      ᠡᠦ ᠴᠢᠩ ᠬᠠᠢ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠦᠨᠳ᠋ᠦᠷᠬᠠᠳ᠋ᠠ ᠭᠠᠴᠠᠭ᠎ᠠ᠂ ᠪᠠᠶᠠᠷᠳ᠋ᠤᠬᠤᠰᠢᠭᠤ ᠭᠠᠴᠠᠭ᠎ᠠ ᠵᠡᠷᠭᠡ ᠭᠠᠵᠠᠷ ᠲᠤ ᠬᠦᠷᠴᠦ᠂ ᠬᠤᠳ᠋ᠠᠯᠳ᠋ᠤᠭ᠎ᠠ ᠲᠡᠯᠭᠡᠭᠦᠷ᠂ᠡᠮ ᠡᠮᠡᠮᠨᠡᠯᠭᠡ ᠶᠢᠨ ᠵᠢᠵᠢᠭᠯᠡᠨ ᠬᠤᠳ᠋ᠠᠯᠳ᠋ᠤᠬᠤ ᠲᠡᠯᠭᠡᠭᠦᠷ ᠵᠢᠴᠢ ᠭᠠᠴᠠᠭ᠎ᠠ ᠪᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠵᠦ᠂ ᠺᠦᠳ᠋ ᠰᠢᠷᠪᠢᠵᠦ ᠲᠠᠩᠰᠠᠯᠠᠬᠤ᠂ ᠪᠡᠶ᠎ᠠ ᠶᠢᠨ ᠬᠠᠯᠠᠭᠤᠨ ᠢ ᠬᠡᠮᠵᠢᠬᠦ᠂ ᠡᠳ᠋ᠦᠷ ᠲᠤᠳ᠋ᠤᠮ ᠤᠨ ᠠᠷᠢᠭᠤᠳᠬᠠᠬᠤ ᠵᠡᠷᠭᠡ ᠪᠠᠢ᠌ᠩᠭ᠋ᠤᠵᠢᠯᠳ᠋ᠡ ᠶᠢᠨ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠲᠡᠶ ᠭᠦᠨᠵᠡᠭᠡᠢ ᠶᠡᠷᠢᠯᠴᠡᠵᠦ᠂ ᠭᠠᠳ᠋ᠠᠷ ᠤᠷᠤᠨ ᠡᠴᠡ ᠪᠤᠴᠠᠵᠤ ᠢᠷᠡᠭ᠍ᠰᠡᠨ ᠭᠤᠤᠯᠳ᠋ᠠᠯᠭ᠎ᠠ ᠲᠡᠶ ᠬᠦᠮᠦᠰ ᠢ ᠮᠦ᠋ᠷᠳ᠋ᠡᠨ ᠬᠢᠨᠠᠨ ᠬᠡᠮᠵᠢᠭ᠍ᠰᠡᠨ ᠪᠠ ᠡᠷᠦᠭᠡ ᠳᠤ ᠤᠷᠤᠵᠤ ᠵᠢᠭᠰᠠᠭᠠᠨ ᠪᠠᠢ᠌ᠴᠠᠭᠠᠬᠤ ᠪᠠᠢ᠌ᠳ᠋ᠠᠯ ᠢ ᠯᠠᠪᠯᠠᠨ ᠠᠰᠠᠭᠤᠨ᠂ ᠪᠠᠢ᠌ᠴᠠᠭᠠᠯᠳ᠋ᠠ ᠶᠢᠨ ᠲᠤᠮᠳ᠋ᠠ ᠢᠯᠡᠷᠡᠭᠦᠯᠦᠭ᠍ᠰᠡᠨ ᠠᠰᠠᠭᠤᠳ᠋ᠠᠯ  ᠢ ᠲᠡᠷᠡ ᠲᠤᠤᠷ᠎ᠠ ᠨᠢ ᠴᠡᠭ᠍ᠴᠡᠯᠡᠨ ᠰᠠᠢ᠌ᠵᠢᠷᠠᠭᠤᠯᠬᠤ ᠠᠷᠭ᠎ᠠ ᠠᠪᠴᠠᠯ ᠲᠤᠷᠠᠳᠪᠠ᠃
            ᠡᠦ ᠴᠢᠩ ᠬᠠᠢ ᠡᠴᠡ᠂ ᠤᠳ᠋ᠤᠬᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠦᠨᠳ᠋ᠦ ᠨᠤᠴᠢᠳ᠋ᠠᠢ ᠴᠢᠨᠠᠷ ᠪᠠ ᠪᠤᠳ᠋ᠤᠯᠢᠶᠠᠨᠳ᠋ᠤ ᠴᠢᠨᠠᠷ ᠢ ᠭᠦᠨᠵᠡᠭᠡᠢ ᠲᠠᠨᠢᠨ᠂ ᠬᠤᠷᠢᠭ᠎ᠠ ᠱᠤᠭᠤᠮ ᠤᠨ ᠰᠡᠳᠭᠢᠭᠦᠢ ᠢ ᠪᠤᠢ ᠪᠤᠯᠭᠠᠵᠤ᠂ ᠮᠢᠨᠴᠦᠭᠦᠷᠡᠨ ᠲᠠᠢ᠌ᠪᠤᠰᠢᠷᠠᠬᠤ ᠦᠵᠡᠯ ᠰᠠᠨᠠᠭ᠎ᠠ ᠪᠠ ᠭᠤᠷᠢᠳ᠋ᠠᠬᠤ ᠰᠡᠳᠭᠢᠯᠭᠡ ᠶᠢ ᠲᠡᠪᠴᠢᠨ᠂ ᠤᠯᠤᠰ᠂ ᠦᠪᠡᠷᠳ᠋ᠡᠭᠡᠨ ᠵᠠᠰᠠᠬᠤ ᠤᠷᠤᠨ᠂ ᠲᠦ᠋ᠩᠯᠢᠶᠤᠤ ᠬᠤᠳ᠋ᠠ ᠪᠠ ᠮᠠᠨ ᠤ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠡᠷᠡᠰ ᠨᠠᠢ᠌ᠳ᠋ᠠᠪᠤᠷᠢᠵᠢᠭᠤᠯᠵᠤ᠂ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠶᠢᠡᠨ ᠤᠯᠠᠮ ᠨᠢᠭᠡ ᠠᠯᠬᠤᠮ ᠴᠢᠩᠭ᠋ᠠᠳᠬᠠᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠢᠨ᠎ᠠ ᠪᠠᠢ᠌ᠳ᠋ᠠᠯ᠂ ᠰᠢᠨ᠎ᠠ ᠬᠠᠨᠳ᠋ᠤᠰᠢ᠂ ᠰᠢᠨ᠎ᠠ ᠠᠰᠠᠭᠤᠳ᠋ᠠᠯ ᠢ ᠨᠢᠭᠳ᠋ᠠ ᠠᠩᠬᠠᠷᠴᠦ᠂ ᠠᠶᠤᠯ ᠲᠦ᠋ᠭ᠍ᠰᠢᠭᠦᠷᠢᠳ᠋ᠠᠢ ᠬᠦᠮᠦᠰ ᠢ ᠡᠷᠳ᠋ᠡ ᠮᠦ᠋ᠷᠳ᠋ᠡᠭᠡᠨ ᠬᠤᠷᠳ᠋ᠤᠨ ᠪᠠᠢ᠌ᠴᠠᠭᠠᠵᠤ᠂ ᠨᠢᠭᠡ ᠡᠷᠦᠭᠡ᠂ ᠨᠢᠭᠡ ᠬᠦᠮᠦᠨ ᠢ ᠴᠦ ᠤᠷᠬᠢᠭᠳ᠋ᠠᠭᠤᠯᠬᠤ ᠦᠭᠡᠶ ᠪᠠᠷ ᠪᠠᠢ᠌ᠴᠠᠭᠠᠬᠤ ᠬᠡᠷᠡᠭ᠍ᠳ᠋ᠠᠢ᠃ ᠤᠬᠠᠭᠤᠯᠤᠨ ᠬᠦᠳ᠋ᠦᠯᠦᠨ ᠵᠢᠯᠤᠭᠤᠳᠬᠤ ᠠᠵᠢᠯ ᠢ ᠴᠢᠩᠭ᠋ᠠᠳᠬᠠᠨ᠂《ᠪᠠᠶᠠᠷ ᠤᠨ ᠶᠠᠪᠤᠳ᠋ᠠᠯ ᠢ ᠬᠤᠢ᠌ᠰᠢᠯᠠᠭᠤᠯᠤᠨ ᠬᠢᠬᠦ᠂ ᠤᠷᠤᠰᠢᠭᠤᠯᠭ᠎ᠠ ᠶᠢᠨ ᠶᠠᠪᠤᠳ᠋ᠠᠯ ᠢ ᠲᠦ᠋ᠭᠦᠮ ᠶᠢᠡᠷ ᠬᠢᠬᠦ᠂ ᠲᠠᠢ᠌ᠯᠠᠯᠭ᠎ᠠ ᠶᠢ ᠬᠢᠬᠦ ᠦᠭᠡᠶ》ᠵᠠᠷᠴᠢᠮ ᠢ ᠦᠷᠭᠦᠯᠵᠢᠯᠡᠨ ᠪᠠᠷᠢᠮᠳ᠋ᠠᠯᠠᠵᠤ᠂ ᠴᠦ᠋ᠬᠡᠨ ᠴᠤᠭᠯᠠᠷᠠᠵᠤ᠂ ᠭᠠᠳ᠋ᠠᠭᠰᠠᠢ ᠭᠠᠷᠬᠤ ᠦᠭᠡᠶ ᠶᠢ ᠪᠠᠳ᠋ᠤᠯᠠᠨ᠂ ᠤᠨᠴᠠᠭᠠᠢ᠌ᠯᠠᠨ ᠬᠦᠮᠦᠨ ᠴᠤᠭᠯᠠᠷᠠᠬᠤ ᠲᠠᠯᠠᠪᠤᠷ ᠲᠤ ᠵᠠᠪᠠᠯ ᠠᠮᠠᠪᠴᠢ ᠵᠡᠭᠦᠬᠦ᠂ ᠺᠦᠳ᠋ ᠰᠢᠷᠪᠢᠵᠦ ᠲᠠᠩᠰᠠᠯᠠᠬᠤ᠂ ᠪᠡᠶ᠎ᠠ ᠶᠢᠨ ᠬᠠᠯᠠᠭᠤᠨ ᠢ ᠪᠠᠢ᠌ᠴᠠᠭᠠᠨ ᠬᠡᠮᠵᠢᠬᠦ᠂ ᠠᠷᠢᠭᠤᠳᠬᠠᠬᠤ ᠵᠡᠷᠭᠡ ᠰᠡᠷᠭᠡᠢ᠌ᠯᠡᠨ ᠡᠵᠡᠮᠳ᠋ᠡᠬᠦ ᠪᠠᠢ᠌ᠩᠭ᠋ᠤ ᠶᠢᠨ ᠠᠷᠭ᠎ᠠ ᠠᠪᠴᠠᠯ ᠢ ᠡᠷᠡᠰ ᠴᠢᠩᠭ᠎ᠠ ᠨᠠᠢ᠌ᠳ᠋ᠠᠪᠤᠷᠢᠵᠢᠭᠤᠯᠵᠤ᠂ ᠪᠦᠬᠦ ᠪᠠᠯᠭᠠᠰᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠡᠷᠭᠡᠢ᠌ᠯᠡᠯᠳ᠋ᠡ ᠶᠢᠨ ᠱᠤᠭᠤᠮ ᠢ ᠪᠠᠳ᠋ᠤ ᠴᠤᠭᠴᠠᠯᠠᠨ᠂ ᠮᠠᠯᠴᠢᠨ ᠲᠠᠷᠢᠶᠠᠴᠢᠨ ᠤ ᠠᠮᠢ ᠨᠠᠰᠤᠨ ᠤ ᠠᠮᠤᠷ ᠲᠦ᠋ᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠶᠢ ᠰᠠᠢ᠌ᠳ᠋ᠤᠷ ᠬᠠᠮᠠᠭᠠᠯᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠦ᠋ᠯᠬᠢᠨ ᠠᠬᠢᠭᠤᠯᠬᠤ ᠬᠤᠷᠠᠯ
ᠳᠠᠷᠠᠭᠠᠬᠢ᠄ ᠡᠦ ᠴᠢᠩ ᠬᠠᠢ ᠨᠡᠷ ᠪᠠᠶᠠᠷᠳ᠋ᠤᠬᠤᠰᠢᠭᠤ ᠪᠠᠯᠭᠠᠰᠤᠨ ᠳᠤ ᠭᠦᠨᠵᠡᠭᠡᠢ᠌ᠷᠡᠨ ᠠᠵᠢᠯ ᠪᠠᠢ᠌ᠴᠠᠭᠠᠨ ᠰᠤᠳ᠋ᠤᠯᠪᠠ