3 ᠰᠠᠷ᠎ᠠ ᠶᠢᠨ 18 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠪᠤᠯᠤᠨ ᠦᠪᠦᠷ ᠮᠤᠩᠭ᠋ᠤᠯ ᠤᠨ ᠴᠤᠤ ᠵᠢᠨ ᠰᠢᠨ᠎ᠠ ᠮᠠᠲ᠋ᠸᠷᠢᠶᠠᠯ ᠤᠨ ᠬᠢᠵᠠᠭᠠᠷᠳ᠋ᠤ ᠺᠤᠮᠫᠠᠨᠢ ᠶᠢᠨ ᠶᠡᠷᠦᠩᠬᠡᠢ ᠲᠠᠭᠠᠭᠠᠮᠠᠯ ᠭᠤᠤ ᠶᠦ᠋ᠩ ᠪᠢᠨ ᠨᠡᠷ ᠪᠠᠶᠠᠷᠳ᠋ᠤᠬᠤᠰᠢᠭᠤ ᠪᠠᠯᠭᠠᠰᠤᠨ ᠤ ᠬᠤᠪᠤᠯᠳ᠋ᠤ ᠭᠠᠴᠠᠭ᠎ᠠ᠂ ᠲᠦ᠋ᠪᠰᠢᠨ ᠭᠠᠴᠠᠭᠠᠨ ᠳᠤ ᠬᠦᠷᠴᠦ《ᠲᠦ᠋ᠮᠡᠨ ᠠᠵᠤ ᠠᠬᠤᠢ᠌ᠯᠠᠯ ᠲᠦ᠋ᠮᠡᠨ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠪᠠᠢ᠌ᠴᠠᠭᠠᠨ ᠰᠤᠳ᠋ᠤᠯᠪᠠ᠃ ᠪᠠᠶᠠᠷᠳ᠋ᠤᠬᠤᠰᠢᠭᠤ ᠪᠠᠯᠭᠠᠰᠤᠨ ᠤ ᠨᠠᠮ ᠵᠠᠰᠠᠭ ᠤᠨ ᠭᠤᠤᠯ ᠤᠳ᠋ᠤᠷᠢᠳ᠋ᠤᠯᠭ᠎ᠠ ᠪᠠᠷ᠎ᠠ ᠪᠤᠯᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠬᠤᠪᠤᠯᠳ᠋ᠤ ᠭᠠᠴᠠᠭ᠎ᠠ᠂ ᠲᠦ᠋ᠪᠰᠢᠨ ᠭᠠᠴᠠᠭ᠎ᠠ ᠵᠡᠷᠭᠡ ᠭᠠᠵᠠᠷ ᠲᠤ ᠭᠦᠨᠵᠡᠭᠡᠢ᠌ᠷᠡᠨ ᠲᠤᠬᠠᠢ ᠶᠢᠨ ᠲᠠᠯᠠᠪᠤᠷ ᠲᠤᠨᠢ ᠲᠤᠭᠤᠷᠢᠨ ᠦᠵᠡᠵᠦ ᠪᠠᠢ᠌ᠴᠠᠭᠠᠨ ᠰᠤᠳ᠋ᠤᠯᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠤ ᠦᠢᠯᠡᠰ ᠤᠨ ᠬᠦᠭ᠍ᠵᠢᠯᠳ᠋ᠡ ᠶᠢᠨ ᠪᠠᠢ᠌ᠳ᠋ᠠᠯ᠂ ᠬᠠᠮᠳ᠋ᠤ ᠶᠢᠨ ᠠᠵᠤ ᠠᠬᠤᠢ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠨᠠᠷᠢᠯᠢᠭ ᠤᠢ᠌ᠯᠠᠭᠠᠨ᠂ ᠠᠵᠤ ᠠᠬᠤᠢ᠌ᠯᠠᠯ ᠤᠨ《ᠲᠦ᠋ᠮᠡᠨ ᠠᠵᠤ ᠠᠬᠤᠢ᠌ᠯᠠᠯ ᠲᠦ᠋ᠮᠡᠨ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ》 ᠠᠵᠢᠯᠯᠠᠭ᠎ᠠ ᠳᠤ ᠤᠷᠤᠯᠴᠠᠭᠰᠠᠨ᠂ ᠬᠦᠳ᠋ᠡᠭᠡ ᠲᠤᠰᠬᠤᠨ ᠤ ᠤᠨᠴᠠᠯᠢᠭᠳ᠋ᠦ ᠠᠵᠤ ᠦᠢᠯᠡᠰ ᠤᠨ ᠬᠦᠭ᠍ᠵᠢᠯᠳ᠋ᠡ᠂ ᠬᠦᠳ᠋ᠡᠭᠡ ᠲᠤᠰᠬᠤᠨ ᠪᠠ ᠠᠵᠤ ᠠᠬᠤᠢ᠌ᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳ᠋ᠠᠴᠠ ᠶᠢ ᠪᠠᠢ᠌ᠭᠤᠯᠵᠤ ᠮᠠᠯᠴᠢᠳ ᠤᠨ ᠤᠷᠤᠯᠭ᠎ᠠ ᠶᠢ ᠨᠡᠮᠡᠭ᠍ᠳ᠋ᠡᠭᠦᠯᠦᠨ ᠴᠢᠨᠡᠭᠡᠯᠢᠭ᠍ᠵᠢᠭᠦᠯᠬᠦ ᠳᠤ ᠬᠦᠴᠦᠨ ᠨᠡᠮᠡᠷᠢᠯᠡᠭ᠍ᠰᠡᠨ ᠵᠢᠴᠢ ᠡᠯ᠎ᠠ ᠲᠤᠰᠬᠤᠨ ᠤ ᠭᠠᠵᠠᠷ ᠤᠷᠤᠨ ᠤ ᠤᠨᠴᠠᠯᠢᠭ ᠪᠠ ᠠᠵᠤ ᠦᠢᠯᠡᠰ ᠤᠨ ᠬᠦᠭ᠍ᠵᠢᠯᠳ᠋ᠡ᠂ ᠲᠦ᠋ᠷᠦᠯ ᠵᠦ᠋ᠢᠯ ᠤᠨ ᠬᠡᠷᠡᠭ᠍ᠴᠡᠭᠡ ᠱᠠᠭᠠᠷᠳ᠋ᠠᠯᠭ᠎ᠠ ᠵᠡᠷᠭᠡ ᠪᠠᠢ᠌ᠳ᠋ᠠᠯ ᠤᠨ ᠲᠤᠬᠠᠢ ᠭᠦᠨᠵᠡᠭᠡᠢ ᠶᠠᠷᠢᠯᠴᠠᠪᠠ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠡᠴᠡ᠂《ᠲᠦ᠋ᠮᠡᠨ ᠠᠵᠤ ᠠᠬᠤᠢ᠌ᠯᠠᠯ ᠲᠦ᠋ᠮᠡᠨ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭ᠎ᠠ ᠨᠢ《ᠲᠦ᠋ᠮᠡᠨ ᠠᠵᠤ ᠠᠬᠤᠢ᠌ᠯᠠᠯ ᠲᠦ᠋ᠮᠡᠨ ᠲᠤᠰᠬᠤᠨ ᠢ ᠬᠠᠪᠰᠤᠷᠬᠤ》ᠠᠵᠢᠯᠯᠠᠭ᠎ᠠ ᠶᠢᠨ ᠦᠷᠭᠡᠳᠭᠡᠯ ᠪᠠ ᠲᠡᠭᠡᠭ᠍ᠰᠢᠯᠡᠯᠳ᠋ᠡ ᠪᠤᠯᠤᠭᠰᠠᠨ ᠤ ᠬᠤᠪᠢ ᠳᠤ᠂ ᠶᠠᠳ᠋ᠠᠭᠤ ᠡᠴᠡ ᠠᠩᠭᠢᠵᠢᠷᠠᠭᠤᠯᠬᠤ ᠪᠤᠭᠤᠮᠳ᠋ᠠ ᠰᠢᠪᠳ᠋ᠤᠯᠤᠭᠰᠠᠨ ᠦᠷ᠎ᠠ ᠪᠦᠳ᠋ᠦᠭᠡᠯ ᠢ ᠪᠡᠬᠢᠵᠢᠭᠦᠯᠬᠦ ᠴᠢᠬᠤᠯᠠ ᠠᠭᠤᠯᠭ᠎ᠠ ᠪᠤᠯᠭᠠᠨ᠂ ᠶᠠᠳ᠋ᠠᠭᠤ ᠡᠴᠡ ᠠᠩᠭᠢᠵᠢᠷᠠᠭᠤᠯᠬᠤ ᠰᠠᠭᠤᠷᠢ ᠶᠢ ᠨᠡᠩ ᠪᠡᠬᠢᠵᠢᠭᠦᠯᠵᠦ᠂ ᠦᠷ᠎ᠠ ᠪᠦᠳ᠋ᠦᠮᠵᠢ ᠶᠢ ᠨᠡᠩ ᠦᠷᠭᠦᠯᠵᠢᠯᠡᠨ ᠭᠦᠭ᠍ᠵᠢᠭᠦᠯᠵᠦ᠂ ᠪᠦᠬᠦ ᠬᠤᠰᠢᠭᠤᠨ ᠤ ᠦᠷᠭᠡᠨ ᠤᠯᠠᠨ ᠠᠷᠠᠳ ᠡᠴᠡ ᠡᠵᠡᠩᠨᠡᠭ᠍ᠰᠡᠨ ᠠᠵᠤ ᠠᠬᠤᠢ᠌ᠯᠠᠯ ᠢ《ᠲᠦ᠋ᠮᠡᠨ ᠠᠵᠤ ᠠᠬᠤᠢ᠌ᠯᠠᠯ ᠲᠦ᠋ᠮᠡᠨ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠬᠤ ᠶᠢ ᠪᠦᠬᠦ ᠬᠦᠴᠦᠨ ᠶᠢᠡᠷ ᠵᠢᠯᠤᠭᠤᠳ᠋ᠤᠨ᠂ ᠠᠵᠤ ᠠᠬᠤᠢ᠌ᠯᠠᠯ ᠤᠨ ᠲᠠᠪᠠᠭᠤᠯᠢᠭ ᠢ ᠲᠤᠰᠬᠤᠨ ᠤ ᠲᠡᠰ ᠤᠨ ᠡᠬᠢ ᠪᠠᠶᠠᠯᠢᠭ ᠤᠨ ᠲᠠᠪᠠᠭᠤᠯᠢᠭ ᠲᠡᠶ ᠤᠷᠭᠠᠨᠢᠭ ᠶᠢᠡᠷ ᠤᠶᠠᠯᠳ᠋ᠤᠭᠤᠯᠵᠤ᠂ ᠭᠠᠴᠠᠭᠠᠨ ᠤ ᠬᠠᠮᠳ᠋ᠤ ᠶᠢᠨ ᠠᠵᠤ ᠠᠬᠤᠢ ᠪᠠ ᠠᠵᠤ ᠦᠢᠯᠡᠰ ᠤᠨ ᠬᠦᠭ᠍ᠵᠢᠯᠳ᠋ᠡ ᠲᠡᠶ《ᠬᠤᠤᠰᠯᠠᠯ》 ᠪᠠᠢ᠌ᠭᠤᠯᠤᠨ᠂ ᠬᠠᠮᠳ᠋ᠤᠷᠠᠯᠴᠡᠨ ᠬᠠᠮᠳ᠋ᠤᠪᠠᠷ ᠠᠰᠢᠭ ᠬᠦᠷᠳ᠋ᠡᠬᠦ ᠶᠢ ᠪᠡᠶᠡᠯᠡᠭᠦᠯᠵᠦ᠂《ᠲᠦ᠋ᠮᠡᠨ ᠠᠵᠤ ᠠᠬᠤᠢ᠌ᠯᠠᠯ ᠲᠦ᠋ᠮᠡᠨ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ》ᠵᠢ ᠠᠬᠢᠭᠤᠯᠬᠤ ᠬᠦᠴᠦᠷᠭᠡᠭ᠌ ᠶᠡᠬᠡ ᠬᠠᠮᠳ᠋ᠤᠷᠠᠯ ᠤᠨ ᠬᠦᠴᠦᠨ ᠢ ᠨᠢᠭᠳ᠋ᠠᠷᠠᠭᠤᠯᠤᠨ᠂ ᠤᠳ᠋ᠤᠬᠢᠴᠢᠯᠠᠭᠰᠠᠨ ᠵᠠᠷᠤᠳ ᠢ ᠪᠢᠴᠢᠭᠯᠡᠬᠦ ᠳᠤ ᠬᠦᠴᠦᠨ ᠴᠢᠳ᠋ᠠᠯ ᠡᠷᠭᠦᠭᠦ ᠬᠡᠷᠡᠭ᠍ᠳ᠋ᠠᠢ ᠭᠡᠵᠦ ᠴᠢᠬᠤᠯᠠᠴᠢᠯᠠᠪᠠ᠃
ᠡᠦ ᠴᠢᠩ ᠬᠠᠢ ᠨᠡᠷ ᠪᠠᠰᠠ ᠪᠠᠶᠠᠷᠳ᠋ᠤᠬᠤᠰᠢᠭᠤ ᠪᠠᠯᠭᠠᠰᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠦᠷᠨᠢᠭᠦᠯᠦᠭ᠍ᠰᠠᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ᠃ (ᠨᠠᠢ᠌ᠷᠠᠭᠤᠯᠤᠭᠴᠢ᠄ ᠯᠸᠢ ᠫᠠᠩ)