ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠶᠡᠷᠦᠩᠬᠡᠢ᠌ᠯᠡᠭ᠍ᠰᠡᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ

     
          ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠳ᠋ᠤ ᠪᠡᠬᠢ ᠰᠡᠷᠭᠡᠢ᠌ᠯᠡᠯᠳ᠋ᠡ ᠶᠢᠨ ᠱᠤᠭᠤᠮ ᠢ ᠬᠠᠮᠳ᠋ᠤᠪᠠᠷ ᠪᠡᠬᠢᠵᠢᠭᠦᠯᠬᠦ ᠶᠢᠨ ᠲᠦ᠋ᠯᠦᠭᠡ᠂ ᠲᠠᠭᠡᠳ᠋ᠦ ᠱᠠᠳ᠋ᠤᠨ ᠤ ᠱᠠᠭᠠᠷᠳ᠋ᠠᠯᠭ᠎ᠠ ᠶᠤᠰᠤᠭᠠᠷ᠂ ᠤᠢ᠌ᠷ᠎ᠠ ᠶᠢᠨ ᠡᠳ᠋ᠦᠷ ᠤᠳ ᠲᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠶᠡᠷᠦᠩᠬᠡᠢ᠌ᠯᠡᠭ᠍ᠰᠡᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠵᠦ ᠡᠷᠦᠭᠡ ᠳᠤ ᠤᠷᠤᠵᠤ ᠵᠢᠭᠰᠠᠭᠠᠨ ᠪᠠᠢ᠌ᠴᠠᠭᠠᠬᠤ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃

        
            ᠠᠵᠢᠯᠯᠠᠭ᠎ᠠ ᠲᠤᠮᠳ᠋ᠠ᠂ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠪᠠᠢ᠌ᠭᠤᠯᠭ᠎ᠠ ᠶᠢᠨ 20 ᠢᠯᠡᠭᠦᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠦ᠋ᠷᠪᠡᠨ ᠲᠤᠭᠤᠢ᠌ᠯᠠᠩ ᠬᠤᠪᠢᠶᠠᠵᠤ ᠲᠤᠰ ᠲᠤᠰ ᠯᠦ᠋ᠪᠸᠢ ᠵᠡᠭᠡᠯᠢ ᠭᠤᠳ᠋ᠤᠮᠵᠢ ᠶᠢᠨ ᠰᠢᠩ ᠬᠤᠸᠠ ᠨᠡᠢ᠌ᠭᠡᠮ ᠲᠤᠭᠤᠷᠢᠭ ᠤᠨ ᠸᠸᠨ ᠰᠢᠨ ᠨᠢᠭᠡᠳ᠋ᠦᠭᠡᠷ ᠬᠤᠶᠠᠳ᠋ᠤᠭᠠᠷ ᠰᠠᠭᠤᠭᠠᠯᠢ ᠪᠠᠭ᠎ᠠ ᠲᠤᠭᠤᠷᠢᠭ᠂ ᠪᠸᠢ ᠳ᠋ᠸᠦ ᠰᠠᠭᠤᠭᠠᠯᠢ ᠲᠤᠭᠤᠷᠢᠭ᠂ ᠪᠠᠢ᠌ᠴᠠᠭᠠᠬᠤ ᠬᠤᠷᠢᠶᠠᠨ ᠤ ᠭᠡᠷ ᠪᠦᠯᠢ ᠶᠢᠨ ᠠᠰᠠᠷ᠂ ᠲᠠᠷᠢᠶᠠᠯᠠᠩ ᠤᠨ ᠪᠠᠩᠭᠢ ᠶᠢᠨ ᠭᠡᠷ ᠪᠦᠯᠢ ᠶᠢᠨ ᠠᠰᠠᠷ ᠲᠤ ᠭᠦᠨᠵᠡᠭᠡᠢ᠌ᠷᠡᠨ᠂ ᠡᠷᠦᠭᠡ ᠲᠠᠷᠠᠭᠠᠯᠠᠵᠤ ᠵᠢᠭᠰᠠᠭᠠᠨ ᠪᠠᠢ᠌ᠴᠠᠭᠠᠵᠤ ᠲᠠᠩᠰᠠᠯᠠᠨ᠂ ᠭᠠᠳ᠋ᠠᠨ᠎ᠠ ᠭᠠᠵᠠᠷ ᠡᠴᠡ ᠪᠤᠴᠠᠵᠤ ᠢᠷᠡᠭ᠍ᠰᠡᠨ ᠬᠦᠮᠦᠰ ᠤᠨ ᠪᠠᠢ᠌ᠳ᠋ᠠᠯ᠂ ᠪᠦᠭᠡᠮ ᠬᠦᠴᠢᠯ ᠰᠢᠯᠭᠠᠨ ᠪᠠᠢ᠌ᠴᠠᠭᠠᠭᠰᠠᠨ ᠪᠠᠢ᠌ᠳ᠋ᠠᠯ᠂ ᠲᠠᠷᠢᠯᠭ᠎ᠠ ᠲᠠᠷᠢᠭᠰᠠᠨ ᠪᠠᠢ᠌ᠳ᠋ᠠᠯ ᠵᠢᠴᠢ ᠪᠦᠬᠦ ᠭᠡᠰᠢᠭᠦᠨ ᠤ ᠪᠦᠭᠡᠮ ᠬᠦᠴᠢᠯ ᠢ ᠰᠢᠯᠭᠠᠨ ᠪᠠᠢ᠌ᠴᠠᠭᠠᠬᠤ ᠺᠤᠳ᠋ ᠰᠢᠷᠪᠢᠭ᠍ᠰᠠᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

       
          ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠴᠢᠬᠤᠯᠠ ᠴᠠᠭ ᠦᠶ᠎ᠠ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠡᠩ ᠲᠡᠷᠢᠭᠦᠨ ᠳᠤ ᠤᠷᠢᠶᠠᠯᠠᠭ᠎ᠠ ᠶᠢ ᠴᠤᠤᠷᠢᠶᠠᠳ᠋ᠤᠨ ᠲᠠᠭᠠᠵᠤ᠂ ᠰᠠᠢ᠌ᠨ ᠲᠤᠷ᠎ᠠ ᠡᠴᠡ ᠪᠠᠨ ᠬᠢᠵᠢᠭ᠌ ᠢ ᠰᠡᠷᠭᠡᠢ᠌ᠯᠡᠨ ᠡᠵᠡᠮᠳ᠋ᠡᠬᠦ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠡᠨ᠂ ᠨᠡᠢ᠌ᠭᠡᠮ ᠲᠤᠭᠤᠷᠢᠭ ᠪᠠ ᠰᠠᠭᠤᠭᠠᠯᠢ ᠠᠷᠠᠳ ᠲᠡᠶ ᠬᠡᠵᠢᠶᠡᠳ᠋ᠡ ᠬᠠᠮᠳ᠋ᠤᠪᠠᠷ ᠪᠠᠢ᠌ᠯᠳ᠋ᠤᠵᠤ᠂ ᠬᠠᠷᠢᠭᠤᠴᠠᠭᠰᠠᠨ ᠨᠡᠢ᠌ᠭᠡᠮ ᠲᠤᠭᠤᠷᠢᠭ ᠤᠨ ᠬᠦᠴᠢᠷ ᠠᠰᠠᠭᠤᠳ᠋ᠠᠯ ᠢ ᠢᠳ᠋ᠡᠪᠬᠢᠳ᠋ᠠᠢ ᠬᠠᠪᠰᠤᠷᠤᠨ ᠰᠢ᠌ᠳᠪᠦᠷᠢᠯᠡᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢ᠌ᠯᠭ᠎ᠠ ᠶᠢ ᠢᠯᠡᠷᠡᠭᠦᠯᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠨᠡᠷ ᠪᠠᠶᠠᠷᠳ᠋ᠤᠬᠤᠰᠢᠭᠤ ᠪᠠᠯᠭᠠᠰᠤᠨ ᠳᠤ ᠭᠦᠨᠵᠡᠭᠡᠢ᠌ᠷᠡᠨ ᠠᠵᠢᠯ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠬᠢᠵᠢᠭ᠌ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠬᠦᠴᠦᠨ ᠨᠡᠮᠡᠷᠢᠯᠡᠵᠦ ᠪᠠᠢ᠌ᠨ᠎ᠠ