ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠠᠷᠠᠳ ᠤᠨ ᠲᠦ᠋ᠯᠦᠭᠡᠯᠡᠭ᠍ᠴᠢᠳ 《ᠦᠯᠢᠭᠡᠷ ᠲᠠᠭᠤᠷᠢᠶᠠᠯ ᠪᠤᠯᠬᠤ ᠪᠠᠷ ᠴᠢᠷᠮᠠᠢ᠌ᠵᠤ᠂ ᠶᠡᠬᠡ ᠲᠠᠯ᠎ᠠ ᠳᠤ ᠦᠢᠯᠡᠴᠢᠯᠡᠬᠦ》 ᠰᠠᠢ᠌ᠨ ᠲᠤᠷ᠎ᠠ ᠶᠢᠨ ᠠᠵᠢᠯᠯᠠᠭ᠎ᠠ ᠶᠢ ᠦᠷᠨᠢᠭᠦᠯᠪᠡ



ᠤᠳ᠋ᠤᠬᠠᠨ ᠳᠤ᠂ ᠤᠯᠤᠰ ᠤᠨ ᠲᠤᠳ᠋ᠤᠭᠠᠳ᠋ᠤ ᠶᠢᠨ ᠬᠢᠵᠢᠭ᠌ ᠤᠨ ᠪᠠᠢ᠌ᠳ᠋ᠠᠯ ᠤᠯᠠᠨ ᠭᠠᠵᠠᠷ ᠲᠤ ᠡᠭᠦᠰᠦᠭ᠍ᠰᠡᠨ ᠪᠠ ᠬᠡᠰᠡᠭ᠌ ᠭᠠᠵᠠᠷ ᠲᠤ ᠦᠷᠪᠢᠰᠦᠨ ᠲᠡᠯᠭᠡᠷᠡᠬᠦ ᠪᠠᠢ᠌ᠳ᠋ᠠᠯ ᠢᠯᠡᠷᠡᠵᠦ᠂ ᠬᠢᠵᠢᠭ᠌ ᠤᠨ ᠪᠠᠢ᠌ᠳ᠋ᠠᠯ ᠬᠦᠨᠳ᠋ᠦ ᠬᠡᠴᠡᠭᠦᠦ ᠨᠠᠷᠢᠨ ᠪᠤᠳ᠋ᠤᠯᠢᠶᠠᠨᠳ᠋ᠠᠢ ᠪᠠᠢ᠌ᠳ᠋ᠠᠯ ᠲᠤᠤᠷ᠎ᠠ᠂ ᠰᠢᠶᠠᠩᠱᠠᠨ ᠪᠠᠯᠭᠠᠰᠤ ᠠᠷᠠᠳ ᠤᠨ ᠲᠥᠯᠦᠭᠡᠯᠡᠭᠴᠢᠳ ᠢ ᠢᠳ᠋ᠡᠪᠬᠢᠳ᠋ᠠᠢ ᠤᠷᠢᠶᠠᠯᠠᠵᠤ᠂ 3 ᠰᠠᠷ᠎ᠠ ᠶᠢᠨ 17 ᠤ ᠡᠳ᠋ᠦᠷ 《ᠦᠯᠢᠭᠡᠷ ᠲᠠᠭᠤᠷᠢᠶᠠᠯ ᠪᠤᠯᠬᠤ ᠪᠠᠷ ᠴᠢᠷᠮᠠᠢ᠌ᠵᠤ᠂ ᠶᠡᠬᠡ ᠲᠠᠯ᠎ᠠ ᠳᠤ ᠦᠢᠯᠡᠴᠢᠯᠡᠬᠦ》 ᠰᠠᠢ᠌ᠨ ᠲᠤᠷ᠎ᠠ ᠶᠢᠨ ᠠᠵᠢᠯᠯᠠᠭ᠎ᠠ ᠦᠷᠨᠢᠭᠦᠯᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠠᠮᠤᠷ ᠲᠦ᠋ᠪᠰᠢᠨ ᠤ ᠬᠡᠷᠡᠮ》 ᠢ ᠪᠠᠳ᠋ᠤᠯᠠᠨ ᠴᠤᠭᠴᠠᠯᠠᠪᠠ᠃ (ᠨᠠᠢ᠌ᠷᠠᠭᠤᠯᠤᠭᠴᠢ᠄ ᠯᠸᠢ ᠫᠠᠩ)