ᠬᠤᠩᠬᠠᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠵᠦ ᠬᠢᠨᠠᠨ ᠪᠠᠢ᠌ᠴᠠᠭᠠᠬᠤ ᠠᠵᠢᠯ ᠦᠷᠨᠢᠭᠦᠯᠪᠡ

ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠯᠬᠠᠪᠴᠢ ᠶᠢ ᠪᠡᠬᠢᠵᠢᠭᠦᠯᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠤᠯᠠᠮ ᠨᠢᠭᠡ ᠠᠯᠬᠤᠮ ᠨᠠᠢ᠌ᠳ᠋ᠠᠪᠤᠷᠢᠵᠢᠭᠤᠯᠬᠤ ᠶᠢᠨ ᠲᠦ᠋ᠯᠦᠭᠡ᠂ 3 ᠰᠠᠷ᠎ᠠ ᠶᠢᠨ 19 ᠤ ᠡᠳ᠋ᠦᠷ ᠡᠴᠡ 21 ᠤ ᠡᠳ᠋ᠦᠷ ᠪᠤᠯᠳ᠋ᠠᠯ᠎ᠠ᠂ ᠬᠤᠩᠬᠠᠳ᠋ᠤ ᠪᠠᠯᠭᠠᠰᠤ ᠶᠢᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠭᠠᠷᠠᠭ ᠤᠨ ᠠᠮᠠᠷᠠᠯᠳ᠋ᠠ ᠶᠢᠨ ᠡᠳ᠋ᠦᠷ ᠢ ᠠᠰᠢᠭᠯᠠᠵᠦ᠂ ᠪᠠᠯᠭᠠᠰᠤᠨ ᠤ ᠲᠤᠳ᠋ᠤᠷᠠᠬᠢ ᠠᠵᠤ ᠠᠬᠤᠢ᠌ᠯᠠᠯ᠂ ᠵᠤᠴᠢᠳ ᠤᠨ ᠪᠠᠭᠤᠳ᠋ᠠᠯ᠂ ᠬᠡᠳ᠋ᠦ ᠲᠡᠯᠭᠡᠭᠦᠷ᠂ ᠲᠤᠰᠤ ᠨᠡᠮᠡᠬᠦ ᠦᠷᠳ᠋ᠡᠭᠡ ᠵᠡᠷᠭᠡ ᠭᠤᠤᠯᠳ᠋ᠠᠯᠭ᠎ᠠ ᠲᠡᠶ ᠲᠠᠯᠠᠪᠤᠷ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠤᠰᠬᠠᠢ᠌ᠯᠠᠨ ᠬᠢᠨᠠᠨ ᠪᠠᠢ᠌ᠴᠠᠭᠠᠪᠠ᠃

ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠤᠬᠠᠭᠤᠯᠬᠤ ᠬᠡᠯᠳ᠋ᠡᠰ ᠤᠨ ᠲᠠᠷᠤᠭ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢ ᠶᠤᠤ ᠼᠠᠢ ᠶᠠᠨ ᠨᠡᠷ ᠬᠤᠩᠬᠠᠳ᠋ᠤ ᠪᠠᠯᠭᠠᠰᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠭᠤᠤᠯᠳ᠋ᠠᠯᠭ᠎ᠠ ᠲᠡᠶ ᠲᠠᠯᠠᠪᠤᠷ ᠲᠤ ᠭᠦᠨᠵᠡᠭᠡᠢ᠌ᠷᠡᠵᠦ᠂ ᠲᠤᠰᠬᠠᠢ ᠬᠦᠮᠦᠨ ᠡᠷᠡᠭᠦᠯ ᠮᠡᠨᠳ᠋ᠦ ᠶᠢᠨ ᠺᠤᠳ᠋᠂ ᠠᠶᠠᠯᠠᠯ ᠤᠨ ᠺᠤᠳ᠋᠂ ᠠᠮᠠᠪᠴᠢ ᠵᠡᠭᠦᠭᠦ᠂ ᠪᠡᠶ᠎ᠠ ᠶᠢᠨ ᠬᠠᠯᠠᠭᠤᠨ ᠢ ᠬᠡᠮᠵᠢᠬᠦ᠂ ᠠᠷᠢᠭᠤᠳᠬᠠᠬᠤ᠂ ᠲᠠᠩᠰᠠᠯᠠᠨ ᠪᠠᠢ᠌ᠴᠠᠭᠠᠵᠤ ᠪᠠᠢ᠌ᠬᠤ ᠵᠡᠷᠭᠡ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠬᠢᠨᠠᠨ ᠪᠠᠢ᠌ᠴᠠᠭᠠᠪᠠ᠃ (ᠨᠠᠢ᠌ᠷᠠᠭᠤᠯᠤᠭᠴᠢ᠄ ᠯᠸᠢ ᠫᠠᠩ)