ᠠᠷᠠᠳ ᠤᠨ ᠲᠦ᠋ᠯᠦᠭᠡᠯᠡᠭ᠍ᠴᠢᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠡᠷᠡᠯᠬᠡᠭᠯᠡᠨ ᠲᠡᠮᠡᠴᠡᠵᠦ ᠪᠠᠢ᠌ᠨ᠎ᠠ



ᠤᠳ᠋ᠤᠬᠠᠨ ᠤ ᠬᠦᠨᠳ᠋ᠦ ᠰᠦ᠋ᠷᠡᠬᠡᠢ ᠨᠠᠷᠢᠨ ᠪᠤᠳ᠋ᠤᠯᠢᠶᠠᠨᠳ᠋ᠠᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠳ᠋ᠠᠯ ᠲᠤᠤᠷ᠎ᠠ᠂ ᠭᠡᠷᠴᠢᠯᠠᠭᠤ ᠰᠤᠮᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠰᠤᠮᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠤᠷᠢᠶᠠᠯᠭ᠎ᠠ ᠲᠤᠤᠷ᠎ᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠰᠠᠨᠠᠭᠠᠴᠢᠯᠠᠭ᠎ᠠ ᠡᠴᠡ ᠪᠠᠨ ᠵᠢᠳᠭᠦᠯ ᠴᠢᠷᠮᠠᠢ᠌ᠯᠭ᠎ᠠ ᠭᠠᠷᠭᠠᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠪᠠᠢ᠌ᠯᠳ᠋ᠤᠭᠴᠢ》᠂ 《ᠤᠬᠠᠭᠤᠯᠤᠭᠴᠢ》᠂ 《ᠰᠠᠬᠢᠨ ᠬᠠᠮᠠᠭᠠᠯᠠᠭᠴᠢ》 ᠪᠤᠯᠵᠤ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)