ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠬᠢᠵᠢᠭ᠌ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠬᠦᠴᠦᠨ ᠨᠡᠮᠡᠷᠢᠯᠡᠵᠦ ᠪᠠᠢ᠌ᠨ᠎ᠠ

    ᠬᠢᠵᠢᠭ᠌ ᠤᠨ ᠪᠠᠢ᠌ᠳ᠋ᠠᠯ ᠨᠠᠷᠢᠨ ᠪᠤᠳ᠋ᠤᠯᠢᠶᠠᠨᠳ᠋ᠠᠢ ᠲᠦ᠋ᠭ᠍ᠰᠢᠭᠦᠷᠢᠳ᠋ᠠᠢ ᠪᠠᠢ᠌ᠳ᠋ᠠᠯ ᠤᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠲᠡᠭᠡᠳ᠋ᠦ ᠱᠠᠳ᠋ᠤᠨ ᠤ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠨ᠂ ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠬᠢᠵᠢᠭ᠌ ᠢ ᠡᠰᠡᠷᠭᠦᠴᠡᠬᠦ ᠡᠮᠦᠨ᠎ᠠ ᠹᠷᠤᠨᠲ ᠲᠤ ᠢᠳ᠋ᠡᠪᠬᠢᠳ᠋ᠠᠢ ᠤᠷᠤᠯᠴᠠᠵᠤ᠂ ᠠᠵᠢᠯ ᠤᠨ ᠪᠠᠢ᠌ᠷᠢ ᠳᠠᠭᠠᠨ ᠰᠠᠭᠤᠷᠢᠯᠡᠨ᠂ ᠡᠮᠦᠨ᠎ᠠ ᠨᠢ ᠭᠠᠪᠰᠢᠭᠠᠢ᠌ᠯᠠᠵᠤ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠦᠭᠡᠯᠡᠭ᠍ᠴᠢᠳ ᠤᠨ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠬᠦ ᠬᠡᠷᠡᠭ᠍ᠳ᠋ᠠᠢ ᠭᠡᠵᠦ ᠤᠷᠢᠶᠠᠯᠠᠪᠠ᠃
         ᠡᠮᠦᠨ᠎ᠠ ᠹᠷᠤᠨᠲ ᠲᠤ ᠭᠦᠨᠵᠡᠭᠡᠢ᠌ᠷᠡᠨ ᠬᠢᠨᠠᠨ ᠵᠢᠯᠤᠭᠤᠳᠴᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠬᠢᠨᠠᠭᠴᠢ》 ᠪᠤᠯᠬᠤ ᠬᠡᠷᠡᠭ᠍ᠳ᠋ᠠᠢ᠃
         ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠬᠦᠴᠦᠨ ᠨᠡᠮᠡᠷᠢᠯᠡᠭ᠍ᠴᠢ》 ᠪᠤᠯᠬᠤ ᠬᠡᠷᠡᠭ᠍ᠳ᠋ᠠᠢ᠃
         ᠡᠯ᠎ᠠ ᠭᠠᠵᠠᠷ ᠤᠨ ᠬᠦᠴᠦᠨ ᠢ ᠨᠢᠭᠳ᠋ᠠᠷᠠᠭᠤᠯᠤᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠪᠠᠢ᠌ᠯᠳ᠋ᠤᠭᠴᠢ》 ᠪᠤᠯᠬᠤ ᠬᠡᠷᠡᠭ᠍ᠳ᠋ᠠᠢ᠃
         ᠶᠠᠷᠢᠶ᠎ᠠ ᠬᠡᠯᠡᠯᠴᠡᠭᠡᠨ ᠤ ᠤᠳ᠋ᠤᠷᠢᠳ᠋ᠤᠮᠵᠢ ᠶᠢ ᠴᠢᠩᠭ᠋ᠠᠳᠬᠠᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠤᠬᠠᠭᠤᠯᠤᠭᠴᠢ》 ᠪᠤᠯᠬᠤ ᠬᠡᠷᠡᠭ᠍ᠳ᠋ᠠᠢ᠃

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠶᠡᠷᠦᠩᠬᠡᠢ᠌ᠯᠡᠭ᠍ᠰᠡᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ