ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ
ᠠᠷᠠᠳ ᠤᠨ ᠲᠦ᠋ᠯᠦᠭᠡᠯᠡᠭ᠍ᠴᠢᠳ ᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠳᠤ ᠤᠷᠤᠯᠴᠠᠬᠤ ᠢᠳ᠋ᠡᠪᠬᠢᠵᠢᠯ ᠢ ᠭᠦᠢᠴᠡᠳ ᠲᠠᠢ᠌ᠴᠢᠯᠡᠨ᠂ ᠠᠷᠠᠳ ᠤᠨ ᠲᠦ᠋ᠯᠦᠭᠡᠯᠡᠭ᠍ᠴᠢᠳ ᠤᠨ ᠡᠭᠦᠷᠭᠡ ᠴᠢᠳ᠋ᠠᠪᠬᠢ ᠶᠢᠨ ᠦᠢᠯᠡᠳ᠋ᠦᠯ ᠢ ᠴᠢᠩᠭ᠋ᠠᠷᠠᠭᠤᠯᠬᠤ ᠶᠢᠨ ᠲᠦ᠋ᠯᠦᠭᠡ᠂ 3 ᠰᠠᠷ᠎ᠠ ᠶᠢᠨ 25 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠳ᠋ᠠ ᠬᠤᠰᠢᠭᠤ ᠬᠤᠶᠠᠷ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠰᠢᠶᠠᠩᠱᠠᠨ ᠪᠠᠯᠭᠠᠰᠤᠨ ᠳᠤ ᠭᠦᠨᠵᠡᠭᠡᠢ᠌ᠷᠡᠨ᠂ ᠠᠷᠠᠳ ᠤᠨ ᠲᠦ᠋ᠯᠦᠭᠡᠯᠡᠭ᠍ᠴᠢᠳ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ᠃
ᠵᠠᠩ ᠶᠦ᠋ᠩ ᠴᠢᠶᠠᠩ ᠨᠡᠷ ᠤᠷᠢᠳ ᠬᠤᠵᠢᠳ ᠰᠢᠶᠠᠩᠱᠠᠨ ᠪᠠᠯᠭᠠᠰᠤᠨ ᠤ ᠰᠢᠶᠤᠤ ᠡᠾᠸ ᠰᠢ ᠲᠤᠰᠬᠤᠨ ᠤ ᠬᠠᠮᠳ᠋ᠤ ᠶᠢᠨ ᠠᠵᠤ ᠠᠬᠤᠢ ᠶᠢᠨ ᠲᠤᠯᠠᠭᠠᠨ ᠬᠦᠯᠡᠮᠵᠢ᠂ ᠲᠤᠳ᠋ᠤᠷᠭᠠ ᠪᠤᠯᠪᠠᠰᠤᠷᠠᠭᠤᠯᠬᠤ ᠦᠢᠯᠡᠳᠪᠦᠷᠢ ᠪᠠ ᠱᠤᠸᠠᠩ ᠯᠦ᠋ᠩ ᠴᠢᠦᠸᠠᠨ ᠲᠤᠰᠬᠤᠨ ᠤ ᠱᠤᠸᠠᠩ ᠴᠢᠤᠸᠠᠨ ᠲᠡᠵᠢᠭᠡᠨ ᠦᠷᠡᠵᠢᠭᠦᠯᠬᠦ ᠬᠤᠷᠰᠢᠶᠠᠵᠢᠯ ᠳᠤ ᠬᠦᠷᠴᠦ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠢᠨᠵᠢᠯᠡᠪᠡ᠃ ᠲᠠᠷᠠᠭ᠎ᠠ ᠨᠢ᠂ ᠰᠢᠶᠠᠩᠱᠠᠨ ᠪᠠᠯᠭᠠᠰᠤᠨ ᠤ ᠠᠷᠠᠳ ᠤᠨ ᠵᠠᠰᠠᠭ ᠤᠨ ᠤᠷᠳ᠋ᠤᠨ ᠳᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠰᠢᠶᠠᠩᠱᠠᠨ ᠪᠠᠯᠭᠠᠰᠤᠨ ᠤ ᠭᠤᠤᠯ ᠬᠠᠷᠢᠭᠤᠴᠠᠯᠭᠠᠳ᠋ᠠᠨ ᠨᠦ᠋ᠬᠦᠳ ᠤᠨ ᠬᠠᠮᠢᠶ᠎ᠠ ᠪᠦᠬᠦᠢ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳ᠋ᠤ ᠡᠯ᠎ᠠ ᠲᠤᠰᠬᠤᠨ ᠤ ᠨᠠᠮ ᠤᠨ ᠡᠭᠦᠷ ᠤᠨ ᠱᠦ᠋ᠵᠢ ᠪᠤᠯᠤᠨ ᠲᠡᠷᠢᠵᠦ ᠲᠡᠵᠢᠭᠡᠬᠦ ᠲᠤᠮᠤ ᠡᠷᠦᠭᠡ ᠲᠡᠶ ᠬᠠᠮᠳ᠋ᠤ ᠬᠦᠳ᠋ᠡᠭᠡ ᠲᠤᠰᠬᠤᠨ ᠤ ᠠᠵᠤ ᠦᠢᠯᠡᠰ ᠤᠨ ᠬᠦᠭ᠍ᠵᠢᠯᠳ᠋ᠡ᠂ ᠲᠠᠷᠢᠶᠠᠯᠠᠩ ᠤᠨ ᠦᠢᠯᠡᠳᠪᠦᠷᠢᠯᠡᠯ᠂ ᠦᠬᠡᠷ ᠤᠨ ᠠᠵᠤ ᠦᠢᠯᠡᠰ ᠤᠨ ᠬᠦᠭ᠍ᠵᠢᠯᠳ᠋ᠡ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠳ᠋ᠦᠭᠡᠭ᠍ᠳ᠋ᠡᠭᠦᠨ ᠢ ᠨᠠᠷᠢᠯᠢᠭ ᠡᠳ᠋ᠰᠢᠭᠦᠯᠬᠦ᠂ ᠪᠠᠷᠠᠭᠠᠨ ᠤ ᠭᠦᠢᠯᠭᠡᠭᠡ ᠲᠡᠭᠡᠭᠡᠪᠦᠷᠢ ᠶᠢᠨ ᠦᠢᠯᠡᠰ ᠵᠡᠷᠭᠡ ᠲᠠᠯ᠎ᠠ ᠪᠠᠷ ᠶᠠᠷᠢᠯᠴᠠᠭ᠎ᠠ ᠰᠤᠯᠢᠯᠴᠠᠭ᠎ᠠ ᠦᠷᠨᠢᠭᠦᠯᠪᠡ᠃
ᠵᠠᠩ ᠶᠦ᠋ᠩ ᠴᠢᠶᠠᠩ ᠡᠴᠡ᠂ ᠰᠢᠶᠠᠩᠱᠠᠨ ᠪᠠᠯᠭᠠᠰᠤ ᠲᠤᠰ ᠤᠳ᠋ᠠᠭᠠᠨ ᠤ 《ᠠᠷᠠᠳ ᠤᠨ ᠲᠦ᠋ᠯᠦᠭᠡᠯᠡᠭ᠍ᠴᠢᠳ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ》 ᠭᠤᠤᠯ ᠰᠡᠳ᠋ᠦᠪᠳ᠋ᠦ ᠠᠵᠢᠯᠯᠠᠭ᠎ᠠ ᠪᠠᠷ ᠠᠵᠤ ᠲᠤᠬᠢᠶᠠᠯ ᠪᠤᠯᠭᠠᠨ᠂ ᠤᠯᠠᠮᠵᠢᠯᠠᠯᠳ᠋ᠤ ᠦᠵᠡᠯᠳ᠋ᠡ ᠪᠠᠨ ᠬᠤᠪᠢᠷᠠᠭᠤᠯᠵᠤ᠂ ᠠᠵᠤ ᠦᠢᠯᠡᠰ ᠤᠨ ᠬᠦᠭ᠍ᠵᠢᠯᠳ᠋ᠡ ᠶᠢᠨ ᠰᠡᠳᠭᠢᠴᠡ ᠪᠠᠨ ᠰᠢᠨᠡᠴᠢᠯᠡᠨ᠂ ᠭᠠᠷᠳ᠋ᠠᠬᠤ ᠴᠡᠭ᠌ ᠶᠢᠡᠨ ᠤᠨᠤᠪᠴᠢᠳ᠋ᠠᠢ ᠰᠤᠩᠭ᠋ᠤᠵᠤ᠂ ᠰᠢᠪᠳ᠋ᠤᠯᠤᠯᠳ᠋ᠠ ᠶᠢᠨ ᠴᠡᠭ᠌ ᠶᠢᠡᠨ ᠤᠨᠤᠪᠴᠢᠳ᠋ᠠᠢ ᠤᠯᠵᠤ᠂ ᠠᠵᠤ ᠦᠢᠯᠡᠰ ᠤᠨ ᠬᠦᠭ᠍ᠵᠢᠯᠳ᠋ᠡ ᠶᠢᠨ ᠲᠤᠮᠳ᠋ᠠ ᠲᠤᠯᠭᠠᠷᠠᠭᠰᠠᠨ ᠠᠰᠠᠭᠤᠳ᠋ᠠᠯ ᠢ ᠴᠠᠭ ᠲᠤᠬᠠᠢ ᠲᠤᠨᠢ ᠢᠯᠡᠷᠡᠭᠦᠯᠦᠨ᠂ ᠬᠦᠭ᠍ᠵᠢᠯᠳ᠋ᠡ ᠶᠢᠨ ᠴᠢᠭᠯᠡᠯ ᠶᠢᠡᠨ ᠲᠤᠳ᠋ᠤᠷᠬᠠᠢ᠌ᠯᠠᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠡᠮᠬᠢ ᠲᠠᠷᠠᠭ᠎ᠠ ᠲᠡᠶ ᠬᠦᠴᠦᠳ᠋ᠠᠢ ᠠᠬᠢᠭᠤᠯᠤᠨ᠂ ᠲᠤᠰ ᠭᠠᠵᠠᠷ ᠤᠷᠤᠨ ᠤ ᠪᠠᠨ ᠡᠬᠢ ᠪᠠᠶᠠᠯᠢᠭ ᠢ ᠭᠦᠢᠴᠡᠳ ᠠᠰᠢᠭᠯᠠᠨ᠂ ᠭᠠᠵᠠᠷ ᠤᠷᠤᠨ ᠤ ᠪᠠᠢ᠌ᠳ᠋ᠠᠯ ᠳ᠋ᠤᠨᠢ ᠲᠤᠬᠢᠷᠠᠭᠤᠯᠵᠤ᠂ ᠵᠢᠷᠤᠮᠵᠢᠯ ᠲᠡᠶ ᠬᠡᠷᠡᠭᠯᠡᠬᠦ ᠵᠠᠷᠴᠢᠮ ᠢ ᠪᠠᠷᠢᠮᠳ᠋ᠠᠯᠠᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠰᠢᠨ᠎ᠠ ᠠᠬᠢᠴᠠ ᠲᠡᠶ ᠪᠤᠯᠬᠤ ᠶᠢ ᠠᠬᠢᠭᠤᠯᠵᠤ᠂ ᠠᠵᠤ ᠦᠢᠯᠡᠰ ᠤᠨ ᠬᠦᠭ᠍ᠵᠢᠯᠳ᠋ᠡ ᠶᠢᠨ ᠬᠡᠪ ᠵᠠᠭᠪᠤᠷ ᠢ ᠤᠯᠠᠮ ᠨᠢᠭᠡ ᠠᠯᠬᠤᠮ ᠰᠢᠯᠢᠳ᠋ᠡᠭ᠍ᠵᠢᠭᠦᠯᠦᠨ᠂ ᠰᠢᠶᠠᠩᠱᠠᠨ ᠪᠠᠯᠭᠠᠰᠤᠨ ᠤ ᠠᠵᠤ ᠠᠬᠤᠢ ᠶᠢᠨ ᠪᠦᠳ᠋ᠦᠭᠡᠨ ᠪᠠᠢ᠌ᠭᠤᠯᠤᠯᠳ᠋ᠠ ᠳᠤ ᠨᠡᠩ ᠤᠯᠠᠨ ᠬᠦᠴᠦᠨ ᠲᠤᠯᠭᠠᠭᠤᠷᠢᠯᠡᠯ ᠬᠠᠩᠭ᠋ᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)