ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠨᠦ᠋ᠬᠦᠷ ᠬᠤᠳ᠋ᠠ ᠬᠤᠰᠢᠭᠤ ᠬᠤᠶᠠᠷ ᠱᠠᠳ᠋ᠤᠨ ᠤ ᠲᠦ᠋ᠯᠦᠭᠡᠯᠡᠭ᠍ᠴᠢᠳ ᠢ ᠲᠠᠭᠠᠭᠤᠯᠤᠨ ᠰᠢᠶᠠᠩᠱᠠᠨ ᠪᠠᠯᠭᠠᠰᠤᠨ ᠳᠤ ᠢᠷᠡᠵᠦ ᠠᠵᠢᠯ ᠵᠢᠯᠤᠭᠤᠳᠪᠠ




3 ᠰᠠᠷ᠎ᠠ ᠶᠢᠨ 25 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠳ᠋ᠠ ᠬᠤᠰᠢᠭᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠰᠢᠶᠠᠩᠱᠠᠨ ᠪᠠᠯᠭᠠᠰᠤᠨ ᠳᠤ ᠢᠷᠡᠵᠦ ᠠᠵᠤ ᠦᠢᠯᠡᠰ ᠤᠨ ᠬᠦᠭ᠍ᠵᠢᠯᠳ᠋ᠡ ᠤᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ᠃ ᠲᠤᠬᠠᠢ ᠶᠢᠨ ᠲᠠᠯᠠᠪᠤᠷ ᠢ ᠲᠤᠭᠤᠷᠢᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠲᠤᠮᠳ᠋ᠠ ᠵᠠᠩ ᠶᠦ᠋ᠩ ᠴᠢᠶᠠᠩ ᠴᠢᠩᠭ᠋ᠠᠳᠬᠠᠭᠰᠠᠨ ᠨᠢ᠂ ᠴᠡᠭ᠌ ᠶᠢᠡᠷ ᠪᠦᠬᠦ ᠲᠠᠯ᠎ᠠ ᠶᠢ ᠲᠠᠢ᠌ᠴᠢᠯᠠᠨ᠂ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠪᠠᠷ ᠲᠠᠮᠵᠢᠭᠤᠯᠤᠨ᠂ ᠲᠠᠷᠢᠶᠠᠴᠢᠳ ᠢ ᠲᠠᠢ᠌ᠴᠢᠯᠡᠨ ᠠᠵᠤ ᠦᠢᠯᠡᠰ ᠤᠨ ᠬᠦᠭ᠍ᠵᠢᠯᠳ᠋ᠡ ᠳᠤ ᠢᠳ᠋ᠡᠪᠬᠢᠳ᠋ᠠᠢ ᠤᠷᠤᠯᠴᠠᠭᠤᠯᠵᠤ᠂ ᠨᠡᠷᠡᠳ᠋ᠦ ᠲᠡᠮᠳ᠋ᠡᠭ᠍ᠳ᠋ᠦ ᠶᠢ ᠪᠤᠢ ᠪᠤᠯᠭᠠᠨ᠂ ᠠᠵᠤ ᠦᠢᠯᠡᠰ ᠤᠨ ᠬᠦᠷᠢᠶ᠎ᠠ ᠬᠡᠪᠴᠢᠶ᠎ᠠ ᠶᠢ ᠠᠭᠠᠵᠢᠮ ᠶᠢᠡᠷ ᠪᠤᠵᠠᠭᠠᠢ᠌ᠷᠠᠭᠤᠯᠤᠨ ᠬᠦᠴᠦᠷᠭᠡᠭ᠍ᠵᠢᠭᠦᠯᠵᠦ᠂ ᠰᠢᠶᠠᠩᠱᠠᠨ ᠪᠠᠯᠭᠠᠰᠤᠨ ᠤ ᠠᠵᠤ ᠠᠬᠤᠢ ᠶᠢᠨ ᠪᠦᠳ᠋ᠦᠭᠡᠨ ᠪᠠᠢ᠌ᠭᠤᠯᠤᠯᠳ᠋ᠠ ᠳᠤ ᠨᠡᠩ ᠤᠯᠠᠨ ᠬᠦᠴᠦᠨ ᠴᠢᠳ᠋ᠠᠯ ᠤᠨ ᠲᠤᠯᠭᠠᠭᠤᠷᠢᠯᠡᠯ ᠬᠠᠩᠭ᠋ᠠᠬᠤ ᠬᠡᠷᠡᠭ᠍ᠳ᠋ᠠᠢ ᠭᠡᠵᠠᠢ᠃ (ᠨᠠᠢ᠌ᠷᠠᠭᠤᠯᠤᠭᠴᠢ᠄ ᠯᠸᠢ ᠫᠠᠩ)