ᠠᠷᠤ ᠬᠦᠨᠳ᠋ᠡᠯᠡᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠠᠵᠤ ᠠᠬᠤᠢ᠌ᠯᠠᠯ ᠲᠡᠶ ᠰᠡᠳᠬᠢᠯ ᠶᠢᠡᠨ ᠨᠢᠭᠡᠳᠭᠡᠨ ᠬᠦᠴᠦ ᠪᠠᠨ ᠬᠠᠮᠳ᠋ᠤᠳᠬᠠᠵᠤ ᠬᠢᠵᠢᠭ᠌ ᠲᠡᠶ ᠲᠡᠮᠡᠴᠡᠵᠦ ᠪᠠᠢᠨ᠎ᠠ



ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠵᠦ᠂ ᠠᠷᠠᠳ ᠲᠦ᠋ᠮᠡᠨ ᠤ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠪᠠ ᠠᠮᠢ ᠨᠠᠰᠤᠨ ᠤ ᠠᠮᠤᠷ ᠲᠦ᠋ᠪᠰᠢᠨ ᠢ ᠪᠠᠳ᠋ᠤᠯᠠᠬᠤ ᠶᠢᠨ ᠲᠦ᠋ᠯᠦᠭᠡ᠂ ᠠᠷᠤ ᠬᠦᠨᠳ᠋ᠡᠯᠡᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠪᠤᠯᠤᠨ ᠬᠠᠷᠢᠶ᠎ᠠ ᠤᠷᠤᠨ ᠤ ᠠᠵᠤ ᠠᠬᠤᠢ᠌ᠯᠠᠯ ᠪᠤᠯᠬᠤ ᠦᠪᠦᠷ ᠮᠤᠩᠭ᠋ᠤᠯ ᠤᠨ ᠭᠦᠸᠸ ᠺᠧ ᠰᠢᠨ ᠳ᠋ᠠ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳ᠋ᠤ ᠺᠤᠮᠫᠠᠨᠢ ᠲᠡᠶ ᠵᠤᠬᠢᠴᠡᠯᠳ᠋ᠦᠨ᠂ 3 ᠰᠠᠷ᠎ᠠ ᠶᠢᠨ 26 ᠤ ᠡᠳ᠋ᠦᠷ ᠤᠨ ᠦᠳ᠋ᠡ ᠶᠢᠨ ᠡᠮᠦᠨ᠎ᠠ᠂ ᠠᠵᠤ ᠠᠬᠤᠢ᠌ᠯᠠᠯ ᠲᠡᠶ ᠰᠡᠳᠬᠢᠯ ᠶᠢᠡᠨ ᠨᠢᠭᠡᠳᠭᠡᠨ ᠬᠦᠴᠦ ᠪᠠᠨ ᠬᠠᠮᠳ᠋ᠤᠳᠬᠠᠵᠤ᠂ ᠬᠢᠵᠢᠭ᠌ ᠲᠡᠶ ᠲᠡᠮᠡᠴᠡᠬᠦ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ᠃ ᠠᠵᠤ ᠠᠬᠤᠢ᠌ᠯᠠᠯ ᠤᠨ ᠬᠠᠷᠢᠭᠤᠴᠠᠯᠭᠠᠳ᠋ᠠᠨ ᠠᠵᠤ ᠠᠬᠤᠢ᠌ᠯᠠᠯ ᠤᠨ ᠠᠵᠢᠯᠳ᠋ᠡᠳ ᠶᠢᠡᠨ ᠲᠠᠭᠠᠭᠤᠯᠤᠨ ᠠᠷᠤ ᠬᠦᠨᠳ᠋ᠡᠯᠡᠨ ᠪᠠᠯᠭᠠᠰᠤᠨ ᠤ ᠨᠡᠭᠦᠵᠦ ᠭᠠᠷᠤᠭᠰᠠᠨ ᠲᠤᠭᠤᠷᠢᠭ ᠤᠨ ᠬᠠᠮᠢᠶᠠᠷᠤᠯᠳ᠋ᠠ ᠶᠢᠨ ᠠᠯᠪᠠᠨ ᠭᠡᠷ ᠲᠤ ᠢᠷᠡᠵᠦ᠂ ᠬᠢᠵᠢᠭ᠌ ᠲᠡᠶ ᠪᠠᠢ᠌ᠯᠳ᠋ᠤᠵᠤ ᠪᠠᠢ᠌ᠬᠤ ᠡᠮᠦᠨ᠎ᠠ ᠹᠷᠤᠨᠲ ᠶᠢᠨ ᠠᠵᠢᠯᠳ᠋ᠡᠳ ᠲᠤ ᠠᠮᠢᠳ᠋ᠤᠷᠠᠯ ᠤᠨ ᠬᠡᠷᠡᠭ᠍ᠰᠡᠯ ᠪᠠ ᠬᠢᠵᠢᠭ᠌ ᠢ ᠰᠡᠷᠭᠡᠢ᠌ᠯᠡᠬᠦ ᠡᠳ᠋ ᠪᠤᠳ᠋ᠠᠰ ᠬᠦᠷᠭᠡᠪᠡ᠃ (ᠨᠠᠢ᠌ᠷᠠᠭᠤᠯᠤᠭᠴᠢ᠄ ᠯᠸᠢ ᠫᠠᠩ)