ᠯᠢᠦ ᠰᠢᠶᠤᠤ ᠡᠾᠦ᠋ᠢ ᠬᠢᠵᠢᠭ᠌ ᠢ ᠰᠡᠷᠭᠡᠢ᠌ᠯᠡᠬᠦ ᠡᠳ᠋ ᠪᠤᠳ᠋ᠠᠰ ᠪᠡᠯᠡᠭᠯᠡᠨ ᠬᠦᠷᠭᠡᠵᠦ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡᠯᠡᠯ ᠢ ᠭᠦᠢᠴᠡᠳ ᠢᠯᠡᠷᠡᠭᠦᠯᠪᠡ


3 ᠰᠠᠷ᠎ᠠ ᠶᠢᠨ 28 ᠤ ᠡᠳ᠋ᠦᠷ ᠤᠨ ᠦᠳ᠋ᠡ ᠶᠢᠨ ᠡᠮᠦᠨ᠎ᠠ᠂ ᠴᠢᠪᠠᠭᠠᠳ᠋ᠤ ᠰᠤᠮᠤ ᠶᠢᠨ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠯᠢᠦ ᠰᠢᠶᠤᠤ ᠡᠾᠦ᠋ᠢ ᠴᠢᠪᠠᠭᠠᠳ᠋ᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ᠭᠠᠭᠴᠠ ᠤᠳ᠋ᠠᠭ᠎ᠠ ᠬᠡᠷᠡᠭᠯᠡᠬᠦ ᠡᠮᠴᠢᠯᠡᠭᠡᠨ ᠤ ᠠᠮᠠᠪᠴᠢ᠂ ᠪᠡᠶ᠎ᠠ ᠶᠢᠨ ᠬᠠᠯᠠᠭᠤᠨ ᠤ ᠬᠡᠮᠵᠢᠭᠦᠷ᠂ ᠠᠷᠢᠭᠤᠳᠬᠠᠬᠤ ᠰᠢᠩᠭᠡᠨ᠂ ᠰᠫᠢᠷᠲ᠂ ᠭᠠᠷ ᠤᠬᠢᠶᠠᠬᠤ ᠦᠭᠡᠶ ᠰᠢᠩᠭᠡᠨ ᠨᠤᠨᠳ᠋ᠠᠭ ᠵᠡᠷᠭᠡ ᠨᠡᠢ᠌ᠳ᠋ᠡ 2000 ᠰᠢᠬᠠᠮ ᠲᠦ᠋ᠭᠦᠷᠢᠭ᠌ ᠤᠨ ᠦᠷᠳ᠋ᠡᠭ᠌ ᠪᠦᠬᠦᠢ ᠬᠢᠵᠢᠭ᠌ ᠢ ᠰᠡᠷᠭᠡᠢ᠌ᠯᠡᠬᠦ ᠡᠳ᠋ ᠪᠤᠳ᠋ᠠᠰ ᠪᠡᠯᠡᠭᠯᠡᠨ ᠬᠦᠷᠭᠡᠵᠦ᠂ ᠰᠤᠷᠭᠠᠭᠤᠯᠢ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳᠤ ᠬᠦᠴᠦᠨ ᠨᠡᠮᠡᠷᠢᠯᠡᠪᠡ᠃ (ᠨᠠᠢ᠌ᠷᠠᠭᠤᠯᠤᠭᠴᠢ᠄ ᠯᠸᠢ ᠫᠠᠩ)