ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ

        3 ᠰᠠᠷ᠎ᠠ ᠶᠢᠨ 30 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠭᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ᠃ ᠡᠦ ᠴᠢᠩ ᠬᠠᠢ ᠨᠡᠷ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠵᠠᠰᠠᠭ ᠤᠨ ᠤᠷᠳ᠋ᠤᠨ ᠵᠢᠴᠢ ᠡᠯ᠎ᠠ ᠲᠦ᠋ᠷᠦᠯ ᠤᠨ ᠬᠤᠳ᠋ᠠᠯᠳ᠋ᠤᠭ᠎ᠠ ᠲᠡᠯᠭᠡᠭᠦᠷ᠂ ᠡᠮ ᠡᠮᠨᠡᠯᠭᠡ ᠶᠢᠨ ᠵᠢᠵᠢᠭᠯᠡᠨ ᠬᠤᠳ᠋ᠠᠯᠳ᠋ᠤᠬᠤ ᠲᠡᠯᠭᠡᠭᠦᠷ ᠵᠡᠷᠭᠡ ᠭᠠᠵᠠᠷ ᠲᠤ ᠬᠦᠷᠴᠦ᠂ ᠪᠦᠬᠦ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠪᠤᠯᠤᠨ ᠴᠢᠬᠤᠯᠠ ᠬᠦᠮᠦᠰ ᠢ ᠵᠢᠭᠰᠠᠭᠠᠨ ᠪᠠᠢ᠌ᠴᠠᠭᠠᠵᠤ ᠬᠠᠮᠢᠶᠠᠷᠤᠨ ᠡᠵᠡᠮᠳ᠋ᠡᠬᠦ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠤᠭᠰᠠᠨ ᠵᠡᠷᠭᠡ ᠪᠠᠢ᠌ᠳ᠋ᠠᠯ ᠢ ᠪᠠᠢ᠌ᠴᠠᠭᠠᠨ ᠦᠵᠡᠪᠡ᠃ ᠤᠴᠢᠭᠰᠠᠨ ᠭᠠᠵᠠᠷ ᠪᠤᠯᠭᠠᠨ ᠳᠤ᠂ ᠡᠦ ᠴᠢᠩ ᠬᠠᠢ ᠨᠡᠷ ᠤᠬᠠᠮᠰᠡᠷ ᠡᠴᠡ ᠪᠠᠨ ᠪᠡᠶ᠎ᠠ ᠶᠢᠨ ᠬᠠᠯᠠᠭᠤᠨ ᠶᠢᠡᠨ ᠬᠡᠮᠵᠢᠨ᠂ ᠺᠤᠳ᠋ ᠰᠢᠷᠪᠢᠨ ᠲᠠᠩᠰᠠᠯᠠᠵᠤ ᠲᠠᠯᠠᠪᠤᠷ ᠲᠤ ᠤᠷᠤᠭᠰᠠᠨ ᠮᠦ᠋ᠷᠳ᠋ᠡᠭᠡᠨ ᠡᠯ᠎ᠠ ᠲᠠᠯᠠᠪᠤᠷ ᠭᠠᠵᠠᠷ ᠤᠨ ᠺᠤᠳ᠋ ᠰᠢᠷᠪᠢᠨ ᠲᠠᠩᠰᠠᠯᠠᠬᠤ᠂ ᠪᠡᠶ᠎ᠠ ᠶᠢᠨ ᠬᠠᠯᠠᠭᠤᠨ ᠢ ᠬᠡᠮᠵᠢᠬᠦ᠂ ᠡᠳ᠋ᠦᠷ ᠪᠦᠷᠢ ᠶᠢᠨ ᠠᠷᠢᠭᠤᠳᠬᠠᠬᠤ ᠵᠡᠷᠭᠡ ᠪᠠᠢ᠌ᠩᠭ᠋ᠤᠵᠢᠭᠰᠠᠨ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠪᠠᠶᠠᠷᠳ᠋ᠤᠬᠤᠰᠢᠭᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠭᠦᠳ ᠲᠡᠶ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠬᠠᠷᠢᠵᠤ ᠢᠷᠡᠭ᠍ᠰᠡᠨ ᠬᠦᠮᠦᠰ ᠢ ᠮᠦ᠋ᠷᠳ᠋ᠡᠨ ᠬᠢᠨᠠᠨ ᠬᠡᠮᠵᠢᠬᠦ᠂ ᠲᠠᠷᠢᠯᠭ᠎ᠠ ᠲᠠᠷᠢᠭᠰᠠᠨ᠂ ᠡᠷᠦᠭᠡ ᠳᠤ ᠤᠷᠤᠵᠤ ᠵᠢᠭᠰᠠᠭᠠᠨ ᠪᠠᠢ᠌ᠴᠠᠭᠠᠬᠤ ᠪᠠ ᠤᠨᠴᠠᠭᠠᠢ ᠠᠵᠢᠯ ᠲᠦ᠋ᠷᠦᠯ ᠤᠨ ᠬᠦᠮᠦᠰ ᠤᠨ ᠪᠦᠭᠡᠮ ᠬᠦᠴᠢᠯ ᠤᠨ ᠪᠠᠢ᠌ᠴᠠᠭᠠᠯᠳ᠋ᠠ᠂ ᠬᠠᠩᠰᠢ ᠶᠢᠨ ᠡᠳ᠋ᠦᠷ ᠤᠨ ᠬᠤᠭᠤᠴᠠᠭᠠᠨ ᠳ᠋ᠡᠬᠢ ᠠᠵᠢᠯ ᠤᠨ ᠲᠤᠬᠢᠷᠠᠭᠤᠯᠤᠯᠳ᠋ᠠ ᠵᠡᠷᠭᠡ ᠪᠠᠢ᠌ᠳ᠋ᠠᠯ ᠢ ᠠᠰᠠᠭᠤᠵᠤ᠂ ᠪᠠᠢ᠌ᠴᠠᠭᠠᠯᠳ᠋ᠠ ᠶᠢᠨ ᠲᠤᠮᠳ᠋ᠠ ᠢᠯᠡᠷᠡᠭᠦᠯᠦᠭ᠍ᠰᠡᠨ ᠠᠰᠠᠭᠤᠳ᠋ᠠᠯ ᠢ ᠲᠤᠬᠠᠢ ᠶᠢᠨ ᠲᠠᠯᠠᠪᠤᠷ ᠲᠤᠨᠢ ᠴᠡᠭ᠍ᠴᠡᠯᠡᠨ ᠰᠠᠢ᠌ᠵᠢᠷᠠᠭᠤᠯᠬᠤ ᠠᠷᠭ᠎ᠠ ᠠᠪᠴᠡᠯ ᠲᠤᠷᠠᠳᠪᠠ᠃

       
        ᠡᠦ ᠴᠢᠩ ᠬᠠᠢ ᠬᠢᠵᠢᠭ᠌ ᠢ ᠰᠡᠷᠭᠡᠢ᠌ᠯᠡᠬᠦ ᠠᠵᠢᠯᠳ᠋ᠠᠳ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠬᠠᠮᠳ᠋ᠤ ᠡᠷᠬᠡᠪᠰᠢ ᠬᠤᠪᠢ ᠬᠦᠮᠦᠨ ᠤ ᠰᠡᠷᠭᠡᠢ᠌ᠯᠡᠯᠳ᠋ᠡ ᠬᠠᠮᠠᠭᠠᠯᠠᠯᠳ᠋ᠠ ᠪᠠᠨ ᠴᠢᠩᠭ᠋ᠠᠳᠬᠠᠨ᠂ ᠬᠤᠪᠢ ᠪᠡᠶ᠎ᠠ ᠶᠢᠨ ᠰᠡᠷᠭᠡᠢ᠌ᠯᠡᠯᠳ᠋ᠡ ᠶᠢᠨ ᠤᠬᠠᠮᠰᠡᠷ ᠶᠢᠡᠨ ᠲᠡᠭᠡᠭ᠍ᠰᠢᠯᠡᠭᠦᠯᠵᠦ᠂ ᠠᠮᠠᠪᠴᠢ ᠪᠠᠨ ᠰᠠᠢ᠌ᠳ᠋ᠤᠷ ᠵᠡᠭᠦᠨ᠂ ᠬᠠᠮᠠᠭᠠᠯᠠᠯᠳ᠋ᠠ ᠶᠢᠨ ᠬᠤᠪᠴᠠᠰᠤ ᠪᠠᠨ ᠰᠠᠢ᠌ᠳ᠋ᠤᠷ ᠡᠮᠦᠰᠴᠦ᠂ ᠠᠷᠢᠭᠤᠳᠬᠠᠬᠤ ᠬᠡᠷᠡᠭ᠍ᠰᠡᠯ ᠶᠢᠡᠨ ᠪᠡᠯᠡᠳᠭᠡᠬᠦ ᠶᠢᠨ ᠬᠠᠮᠳ᠋ᠤ ᠡᠯ᠎ᠠ ᠬᠤᠷᠢᠭ᠎ᠠ ᠴᠡᠭ᠌ ᠲᠡᠭᠡᠷ᠎ᠠ ᠡᠷᠡᠭᠦᠯ ᠮᠡᠨᠳ᠋ᠦ ᠶᠢᠨ ᠺᠤᠳ᠋ ᠪᠤᠯᠤᠨ ᠠᠶᠠᠯᠠᠯ ᠤᠨ ᠺᠤᠳ᠋ ᠤᠨ ᠫᠠᠢ᠌ᠰᠠ ᠪᠤᠰᠬᠠᠵᠤ᠂ ᠤᠯᠠᠨ ᠲᠦ᠋ᠮᠡᠨ ᠳᠤ ᠲᠦ᠋ᠭᠦᠮ ᠦᠵᠡᠭᠦᠯᠬᠦ ᠶᠢᠨ ᠬᠠᠮᠳ᠋ᠤ ᠬᠢᠵᠢᠭ᠌ ᠢ ᠰᠡᠷᠭᠡᠢ᠌ᠯᠡᠬᠦ ᠠᠵᠢᠯᠳ᠋ᠠᠳ ᠬᠤᠶᠠᠷ ᠡᠳ᠋ᠦᠷ ᠲᠤ ᠨᠢᠭᠡ ᠤᠳ᠋ᠠᠭ᠎ᠠ ᠪᠦᠭᠡᠮ ᠬᠦᠴᠢᠯ ᠤᠨ ᠰᠢᠯᠭᠠᠨ ᠪᠠᠢ᠌ᠴᠠᠭᠠᠯᠳ᠋ᠠ ᠬᠢᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠤᠨ ᠪᠦᠳ᠋ᠦᠮᠵᠢᠳ᠋ᠠᠢ ᠡᠷᠭᠢᠯᠳ᠋ᠡ ᠶᠢ ᠪᠦᠬᠦ ᠬᠦᠴᠦᠨ ᠶᠢᠡᠷ ᠶᠢᠡᠨ ᠪᠠᠳ᠋ᠤᠯᠠᠬᠤ ᠬᠡᠷᠡᠭ᠍ᠳ᠋ᠠᠢ ᠭᠡᠵᠦ ᠰᠠᠨᠠᠭᠤᠯᠪᠠ᠃
         ᠡᠦ ᠴᠢᠩ ᠬᠠᠢ ᠪᠠᠰᠠ ᠬᠠᠩᠰᠢ ᠶᠢᠨ ᠡᠳ᠋ᠦᠷ ᠤᠨ ᠬᠤᠭᠤᠴᠠᠭᠠᠨ ᠳ᠋ᠡᠬᠢ ᠭᠠᠯ ᠤᠨ ᠠᠶᠤᠯ ᠢ ᠰᠡᠷᠭᠡᠢ᠌ᠯᠡᠨ ᠡᠵᠡᠮᠳ᠋ᠡᠬᠦ᠂ ᠪᠤᠯᠪᠠᠰᠤᠨ ᠶᠢᠡᠷ ᠲᠠᠬᠢᠯᠭ᠎ᠠ ᠬᠢᠬᠦ᠂ ᠴᠠᠭᠳ᠋ᠠᠨ ᠲᠤᠭᠤᠷᠢᠨ ᠪᠠᠢ᠌ᠴᠠᠭᠠᠵᠤ ᠵᠢᠵᠢᠭᠦᠷᠯᠡᠨ ᠰᠠᠬᠢᠬᠤ᠂ ᠭᠠᠯ ᠰᠡᠷᠭᠡᠢ᠌ᠯᠡᠵᠦ ᠭᠠᠯ ᠤᠨᠳ᠋ᠠᠷᠭᠠᠬᠤ ᠪᠡᠯᠡᠳᠭᠡᠯ ᠠᠵᠢᠯ ᠢ ᠴᠢᠩᠭ᠋ᠠᠳᠬᠠᠬᠤ ᠪᠠ ᠬᠠᠩᠰᠢ ᠶᠢᠨ ᠬᠤᠭᠤᠴᠠᠭᠠᠨ ᠳ᠋ᠡᠬᠢ ᠬᠦᠮᠦᠰ ᠤᠨ ᠨᠠᠭᠠᠰᠢ ᠴᠠᠭᠠᠰᠢ ᠶᠠᠪᠤᠵᠤ ᠰᠠᠭᠤᠬᠤ ᠶᠢ ᠰᠠᠢ᠌ᠳ᠋ᠤᠷ ᠬᠠᠮᠢᠶᠠᠷᠤᠨ ᠡᠵᠡᠮᠳ᠋ᠡᠬᠦ ᠵᠢᠴᠢ ᠬᠠᠪᠤᠷ ᠤᠨ ᠦᠶᠡᠷ ᠢ ᠰᠡᠷᠭᠡᠢ᠌ᠯᠡᠬᠦ ᠵᠡᠷᠭᠡ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠬᠢᠵᠢᠭ᠌ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠬᠦᠴᠦᠨ ᠨᠡᠮᠡᠷᠢᠯᠡᠵᠦ ᠪᠠᠢ᠌ᠨ᠎ᠠ
ᠳᠠᠷᠠᠭᠠᠬᠢ᠄ ᠡᠦ ᠴᠢᠩ ᠬᠠᠢ ᠨᠡᠷ ᠦᠯᠵᠡᠢ᠌ᠮᠦ᠋ᠷᠡᠨ ᠰᠤᠮᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠪᠠᠢ᠌ᠴᠠᠭᠠᠨ ᠰᠤᠳ᠋ᠤᠯᠪᠠ