ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠬᠤᠪᠤᠯᠳ᠋ᠤ ᠭᠠᠴᠠᠭᠠᠨ ᠳᠤ ᠬᠦᠷᠴᠦ ᠨᠠᠮ ᠤᠨ ᠡᠭᠦᠷ ᠤᠨ ᠬᠠᠮᠳ᠋ᠤᠷᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ
3 ᠰᠠᠷ᠎ᠠ ᠶᠢᠨ 31 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠤᠯᠤᠨ ᠪᠠᠶᠠᠷᠳ᠋ᠤᠬᠤᠰᠢᠭᠤ ᠪᠠᠯᠭᠠᠰᠤᠨ ᠤ ᠬᠤᠪᠤᠯᠳ᠋ᠤ ᠭᠠᠴᠠᠭᠠᠨ ᠤ ᠨᠠᠮ ᠤᠨ ᠡᠭᠦᠷ ᠬᠠᠮᠳ᠋ᠤᠷᠠᠨ 《ᠨᠠᠮ ᠤᠨ ᠡᠭᠦᠷ+ ᠨᠠᠮ ᠤᠨ ᠡᠭᠦᠷ》 ᠤᠨ ᠬᠠᠷᠢᠯᠴᠡᠨ ᠰᠤᠷᠤᠯᠴᠠᠵᠤ ᠬᠠᠷᠢᠯᠴᠡᠨ ᠬᠠᠪᠰᠤᠷᠴᠦ ᠬᠠᠮᠳ᠋ᠤᠪᠠᠷ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ᠃

ᠠᠵᠢᠯᠯᠠᠭ᠎ᠠ ᠲᠤᠮᠳ᠋ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠨᠡᠮ ᠤᠨ ᠭᠡᠰᠢᠭᠦᠨ ᠺᠠᠳ᠋ᠷᠴᠤᠳ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠦᠢᠯᠡᠴᠢᠯᠡᠭᠡᠨ ᠤ ᠲᠤᠭᠤᠢ᠌ᠯᠠᠩ ᠪᠠᠢ᠌ᠭᠤᠯᠵᠤ᠂ ᠬᠤᠪᠤᠯᠳ᠋ᠤ ᠭᠠᠴᠠᠭᠠᠨ ᠤ ᠨᠠᠮ ᠤᠨ ᠡᠭᠦᠷ ᠤᠨ ᠨᠠᠮ ᠤᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠪᠠ ᠤᠯᠠᠨ ᠬᠦᠮᠦᠨ ᠴᠤᠭᠯᠠᠷᠠᠬᠤ ᠲᠠᠯᠠᠪᠤᠷ ᠭᠠᠵᠠᠷ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠳᠤ ᠲᠤᠰ ᠲᠤᠰ ᠪᠠᠢ᠌ᠴᠠᠭᠠᠯᠳ᠋ᠠ ᠬᠢᠬᠦ ᠶᠢᠨ ᠬᠠᠮᠳ᠋ᠤ ᠤᠷᠤᠰᠢᠵᠤ ᠪᠠᠢ᠌ᠬᠤ ᠠᠰᠠᠭᠤᠳ᠋ᠠᠯ ᠳᠤ ᠲᠤᠳ᠋ᠤᠷᠬᠠᠢ ᠨᠠᠷᠢᠨ ᠲᠠᠩᠰᠠ ᠵᠢᠭᠰᠠᠭᠠᠨ᠂ ᠭᠠᠴᠠᠭᠠᠨ ᠤ ᠨᠠᠮ ᠤᠨ ᠡᠭᠦᠷ ᠲᠤ ᠲᠤᠰᠢᠶᠠᠵᠤ᠂ ᠨᠠᠮ ᠤᠨ ᠪᠦᠳ᠋ᠦᠬᠡᠨ ᠪᠠᠢ᠌ᠭᠤᠯᠤᠯᠳ᠋ᠠ ᠪᠠᠷ ᠬᠠᠷᠢᠯᠴᠡᠨ ᠬᠠᠪᠰᠤᠷᠤᠯᠴᠡᠵᠦ᠂ ᠰᠠᠢ᠌ᠨ ᠲᠡᠶ ᠲᠠᠯ᠎ᠠ ᠶᠢ ᠨᠢ ᠠᠪᠴᠦ ᠲᠤᠳ᠋ᠠᠭᠳ᠋ᠠᠯ ᠲᠡᠶ ᠲᠠᠯ᠎ᠠ ᠪᠠᠨ ᠨᠦ᠋ᠬᠦᠪᠦᠷᠢᠯᠡᠨ᠂ ᠬᠦᠳ᠋ᠦᠯᠦᠨ ᠲᠠᠭᠠᠭᠤᠯᠵᠤ ᠵᠢᠱᠢᠶ᠎ᠠ ᠦᠵᠡᠭᠦᠯᠬᠦ 《ᠨᠠᠮ ᠤᠨ ᠡᠭᠦᠷ+ ᠨᠠᠮ ᠤᠨ ᠡᠭᠦᠷ》 ᠤᠨ ᠠᠵᠢᠯ ᠤᠨ ᠪᠠᠢ᠌ᠳ᠋ᠠᠯ ᠢ ᠪᠡᠶᠡᠯᠡᠭᠦᠯᠪᠡ᠃ (ᠨᠠᠢ᠌ᠷᠠᠭᠤᠯᠤᠭᠴᠢ᠄ ᠯᠸᠢ ᠫᠠᠩ)