ᠡᠦ ᠴᠢᠩ ᠬᠠᠢ ᠨᠡᠷ ᠦᠯᠵᠡᠢ᠌ᠮᠦ᠋ᠷᠡᠨ ᠰᠤᠮᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠪᠠᠢ᠌ᠴᠠᠭᠠᠨ ᠰᠤᠳ᠋ᠤᠯᠪᠠ

4 ᠰᠠᠷ᠎ᠠ ᠶᠢᠨ 1 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠼᠦ᠋ᠢ ᠯᠸᠢ ᠯᠸᠢ᠂ ᠵᠠᠩ ᠴᠦ᠋ᠨ ᠡᠾᠦ᠋ᠢ ᠦᠯᠵᠡᠢ᠌ᠮᠦᠷᠡᠨ ᠰᠤᠮᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠪᠠᠢ᠌ᠴᠠᠭᠠᠨ ᠰᠤᠳ᠋ᠤᠯᠪᠠ᠃ ᠡᠦ ᠴᠢᠩ ᠬᠠᠢ ᠨᠡᠷ ᠤᠷᠢᠳ ᠬᠤᠵᠢᠳ ᠪᠤᠯᠠᠭ ᠭᠠᠴᠠᠭ᠎ᠠ᠂ ᠴᠠᠭᠠᠨᠨᠠᠭᠤᠷ ᠭᠠᠴᠠᠭ᠎ᠠ᠂ ᠪᠠᠶᠠᠨᠲᠦ᠋ᠮᠡᠨ ᠭᠠᠴᠠᠭ᠎ᠠ᠂ ᠦᠯᠵᠡᠢ᠌ᠮᠦ᠋ᠷᠡᠨ ᠰᠤᠮᠤ ᠶᠢᠨ ᠮᠠᠯ ᠡᠮᠨᠡᠯᠬᠡ ᠶᠢᠨ ᠦᠷᠳ᠋ᠡᠭᠡ ᠵᠡᠷᠭᠡ ᠭᠠᠵᠠᠷ ᠲᠤ ᠬᠦᠷᠴᠦ᠂ ᠦᠬᠡᠷ ᠲᠡᠵᠢᠭᠡᠬᠦ ᠬᠤᠷᠰᠢᠶᠠᠵᠢᠯ᠂ ᠲᠡᠵᠢᠭᠡᠨ ᠦᠷᠡᠵᠢᠭᠦᠯᠬᠦ ᠲᠤᠮᠤ ᠡᠷᠦᠭᠡ᠂ ᠴᠠᠭᠠᠨ ᠢᠳ᠋ᠡᠭᠡᠨ ᠤ ᠭᠠᠷ ᠦᠢᠯᠡᠳᠪᠦᠷᠢ ᠶᠢᠨ ᠲᠠᠯᠠᠪᠤᠷ ᠪᠠ ᠡᠭᠦᠯᠳ᠋ᠡᠷ ᠰᠠᠢ᠌ᠵᠢᠷᠠᠭᠤᠯᠬᠤ ᠦᠷᠳ᠋ᠡᠭᠡᠨ ᠤ ᠤᠷᠤᠯᠠᠭᠤᠯᠤᠯᠳ᠋ᠠ ᠠᠰᠢᠭᠯᠠᠯᠳ᠋ᠠ᠂ ᠦᠢᠯᠡᠳᠪᠦᠷᠢᠯᠡᠯ ᠤᠨ ᠬᠡᠪᠴᠢᠶ᠎ᠠ᠂ ᠡᠵᠡᠩᠨᠡᠯᠳ᠋ᠡ ᠶᠢᠨ ᠤᠷᠤᠯᠭ᠎ᠠ᠂ ᠲᠦ᠋ᠷᠦ ᠶᠢᠨ ᠪᠤᠳ᠋ᠤᠯᠭ᠎ᠠ ᠶᠢᠨ ᠪᠠᠳ᠋ᠤᠯᠠᠭ᠎ᠠ᠂ ᠠᠵᠤ ᠠᠬᠤᠢ ᠶᠢᠨ ᠦᠷ᠎ᠠ ᠠᠰᠢᠭ ᠪᠠ ᠲᠠᠢ᠌ᠴᠢᠯᠠᠬᠤ ᠦᠢᠯᠡᠳ᠋ᠦᠯ ᠵᠡᠷᠭᠡ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠲᠤᠭᠤᠷᠢᠨ ᠪᠠᠢ᠌ᠴᠠᠭᠠᠬᠤ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠵᠦ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢᠨ ᠪᠠᠢ᠌ᠳ᠋ᠠᠯ ᠤᠨ ᠲᠤᠭᠤᠷᠢᠨ ᠳᠤ ᠰᠠᠨᠠᠯ ᠶᠢᠡᠨ ᠭᠦᠨᠵᠡᠭᠡᠢ ᠰᠤᠯᠢᠯᠴᠠᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ᠂ ᠦᠯᠵᠡᠢ᠌ᠮᠦ᠋ᠷᠡᠨ ᠰᠤᠮᠤ ᠦᠬᠡᠷ ᠲᠡᠵᠢᠭᠡᠬᠦ ᠦᠢᠯᠡᠰ ᠤᠨ ᠬᠦᠭ᠍ᠵᠢᠯᠳ᠋ᠡ ᠶᠢ ᠶᠠᠳ᠋ᠠᠭᠤ ᠡᠴᠡ ᠠᠩᠭᠢᠵᠢᠷᠠᠭᠤᠯᠬᠤ ᠪᠤᠭᠤᠮᠳ᠋ᠠ ᠰᠢᠪᠳ᠋ᠤᠯᠤᠭᠰᠠᠨ ᠦᠷ᠎ᠠ ᠪᠦᠳ᠋ᠦᠭᠡᠯ ᠢ ᠪᠡᠬᠢᠵᠢᠭᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠭᠦᠯᠵᠢᠯᠡᠨ ᠨᠡᠮᠡᠭ᠍ᠳ᠋ᠡᠭᠦᠯᠬᠦ ᠶᠢ ᠠᠬᠢᠭᠤᠯᠬᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ ᠴᠢᠬᠤᠯᠠ ᠰᠤᠩᠭ᠋ᠤᠯᠳ᠋ᠠ ᠪᠠ ᠠᠷᠭ᠎ᠠ ᠵᠠᠮ ᠪᠤᠯᠭᠠᠬᠤ ᠬᠡᠷᠡᠭ᠍ᠳ᠋ᠠᠢ᠃ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠲᠡᠶ ᠤᠶᠠᠯᠳ᠋ᠤᠭᠤᠯᠤᠨ᠂ ᠭᠦᠨᠵᠡᠭᠡᠢ ᠲᠦ᠋ᠯᠦᠪᠵᠢᠭᠦᠯᠵᠦ᠂ ᠭᠠᠵᠠᠷ ᠤᠷᠤᠨ ᠤ ᠪᠠᠢ᠌ᠳ᠋ᠠᠯ ᠲᠤᠨᠢ ᠲᠤᠬᠢᠷᠠᠭᠤᠯᠬᠤ ᠶᠢ ᠪᠠᠷᠢᠮᠳ᠋ᠠᠯᠠᠨ᠂ ᠡᠬᠢ ᠪᠠᠶᠠᠯᠢᠭ ᠤᠨ ᠲᠠᠪᠠᠭᠤᠯᠢᠭ ᠪᠠ ᠠᠵᠤ ᠦᠢᠯᠡᠰ ᠤᠨ ᠰᠠᠭᠤᠷᠢ ᠶᠢ ᠦᠷᠭᠦᠯᠵᠢᠯᠡᠨ ᠪᠠᠳ᠋ᠠᠷᠠᠭᠤᠯᠵᠤ᠂ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠶᠢ ᠡᠷᠡᠰ ᠭᠤᠢ᠌ᠪᠢᠰᠢ ᠦᠭᠡᠶ ᠠᠬᠢᠭᠤᠯᠬᠤ ᠬᠡᠷᠡᠭ᠍ᠳ᠋ᠠᠢ ︔ ᠬᠡᠪᠴᠢᠶᠡᠳ᠋ᠦ ᠲᠡᠵᠢᠭᠡᠨ ᠦᠷᠡᠵᠢᠭᠦᠯᠬᠦ ᠪᠠ ᠲᠠᠷᠬᠠᠢ ᠪᠤᠳ᠋ᠠᠷᠬᠠᠢ ᠲᠡᠵᠢᠭᠡᠨ ᠦᠷᠡᠵᠢᠭᠦᠯᠬᠦ ᠶᠢ ᠬᠠᠷᠢᠯᠴᠡᠨ ᠤᠶᠠᠯᠳ᠋ᠤᠭᠤᠯᠵᠤ᠂ ᠬᠡᠪᠴᠢᠶᠠᠳ᠋ᠦ ᠠᠵᠤ ᠠᠬᠤᠢ᠌ᠯᠡᠯ ᠢ ᠤᠷᠤᠭᠤᠯᠤᠨ ᠠᠪᠴᠢᠷᠠᠬᠤ᠂ ᠤᠯᠠᠨ ᠲᠦ᠋ᠮᠡᠨ ᠤ ᠲᠤᠳ᠋ᠤᠭᠠᠳ᠋ᠤ ᠭᠦᠳ᠋ᠡᠯᠭᠡᠬᠦ ᠬᠦᠴᠦᠨ ᠢ ᠬᠦᠭ᠍ᠵᠢᠭᠡᠬᠦ᠂ ᠲᠤᠮᠤ ᠡᠷᠦᠭᠡ ᠪᠠᠷ ᠵᠢᠵᠢᠭ᠌ ᠡᠷᠦᠭᠡ ᠶᠢ ᠲᠠᠢ᠌ᠴᠢᠯᠠᠬᠤ ᠵᠡᠷᠭᠡ ᠠᠷᠭ᠎ᠠ ᠮᠠᠶᠢᠭ ᠶᠢᠡᠷ ᠲᠠᠮᠵᠢᠭᠤᠯᠤᠨ᠂ ᠨᠡᠩ ᠤᠯᠠᠨ ᠮᠠᠯᠴᠢᠳ ᠢ ᠦᠬᠡᠷ ᠤᠨ ᠠᠵᠤ ᠦᠢᠯᠡᠰ ᠤᠨ ᠬᠦᠭ᠍ᠵᠢᠯᠳ᠋ᠡ ᠳᠤ ᠢᠳ᠋ᠡᠪᠬᠢᠳ᠋ᠠᠢ ᠤᠷᠤᠯᠴᠠᠭᠤᠯᠵᠤ᠂ ᠬᠠᠷᠢᠯᠴᠡᠨ ᠬᠠᠷᠠᠭᠠᠯᠵᠠᠵᠤ ᠬᠠᠷᠢᠯᠴᠡᠨ ᠠᠰᠢᠭ ᠬᠦᠷᠳ᠋ᠡᠬᠦ᠂ ᠬᠤᠯᠪᠤᠭᠠᠯᠠᠨ ᠬᠦᠭ᠍ᠵᠢᠬᠦ ᠰᠢᠨ᠎ᠠ ᠪᠠᠢ᠌ᠷᠢᠰᠢᠯ ᠢ ᠪᠤᠢ ᠪᠤᠯᠭᠠᠬᠤ ᠬᠡᠷᠡᠭ᠍ᠳ᠋ᠠᠢ ︔ ᠲᠤᠭ᠎ᠠ ᠬᠡᠮᠵᠢᠶ᠎ᠠ ᠪᠠ ᠦᠷ᠎ᠠ ᠠᠰᠢᠭ ᠢ ᠤᠶᠠᠯᠳ᠋ᠤᠭᠤᠯᠤᠨ᠂ ᠲᠤᠭ᠎ᠠ ᠬᠡᠮᠵᠢᠶ᠎ᠠ ᠪᠠ ᠦᠷ᠎ᠠ ᠠᠰᠢᠭ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳ᠋ᠠᠯᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠴᠢᠨᠠᠷ ᠰᠠᠢ᠌ᠳ᠋ᠠᠢ ᠲᠡᠵᠢᠭᠡᠨ ᠦᠷᠡᠵᠢᠭᠦᠯᠬᠦ ᠤᠬᠠᠮᠰᠡᠷ ᠢ ᠲᠡᠭᠡᠭ᠍ᠰᠢᠯᠡᠭᠦᠯᠦᠨ᠂ ᠮᠠᠯᠴᠢᠳ ᠤᠨ ᠲᠤᠭ᠎ᠠ ᠬᠡᠮᠵᠢᠶ᠎ᠠ ᠶᠢ ᠴᠢᠬᠤᠯᠠᠴᠢᠯᠠᠵᠤ᠂ ᠦᠷ᠎ᠠ ᠠᠰᠢᠭ ᠢ ᠴᠢᠬᠤᠯᠠᠴᠢᠯᠠᠬᠤ ᠦᠭᠡᠶ ᠪᠠᠢ᠌ᠬᠤ ᠪᠠᠢ᠌ᠳ᠋ᠠᠯ ᠢ ᠰᠢ᠌ᠳᠪᠦᠷᠢᠯᠡᠬᠦ ᠬᠡᠷᠡᠭ᠍ᠳ᠋ᠠᠢ︔ ᠤᠯᠠᠮᠵᠢᠯᠠᠯᠳ᠋ᠤ ᠲᠡᠵᠢᠭᠡᠨ ᠦᠷᠡᠵᠢᠭᠦᠯᠬᠦ ᠠᠷᠭ᠎ᠠ ᠪᠤᠯᠤᠨ ᠤᠳ᠋ᠤᠬᠢᠴᠢᠯᠠᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢ ᠬᠠᠷᠢᠯᠴᠡᠨ ᠤᠶᠠᠯᠳ᠋ᠤᠭᠤᠯᠤᠨ᠂ ᠤᠳ᠋ᠤ ᠦᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳ᠋ᠠᠴᠠ ᠶᠢ ᠲᠡᠭᠡᠭ᠍ᠰᠢᠯᠡᠭᠦᠯᠵᠦ᠂ ᠡᠭᠦᠯᠳ᠋ᠡᠷ ᠢ ᠰᠠᠢ᠌ᠵᠢᠷᠠᠭᠤᠯᠤᠨ ᠮᠡᠷᠭᠡᠵᠢᠯ ᠢ ᠰᠢᠯᠢᠳ᠋ᠡᠭ᠍ᠵᠢᠭᠦᠯᠦᠨ᠂ ᠨᠠᠷᠢᠯᠢᠭ ᠲᠡᠵᠢᠭᠡᠨ ᠦᠷᠡᠵᠢᠭᠦᠯᠬᠦ ᠶᠢ ᠠᠬᠢᠭᠤᠯᠬᠤ ᠬᠡᠷᠡᠭ᠍ᠳ᠋ᠠᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠴᠢᠳ᠋ᠠᠪᠤᠷᠢ ᠶᠢᠨ ᠲᠦ᠋ᠷᠦᠯ ᠤᠨ ᠪᠤᠯᠪᠠᠰᠤᠷᠠᠯ ᠪᠠ ᠵᠠᠬ᠎ᠠ ᠲᠡᠯᠭᠡᠭᠦᠷ ᠤᠨ ᠠᠵᠤ ᠠᠬᠤᠢ ᠶᠢᠨ ᠲᠦ᠋ᠷᠦᠯ ᠤᠨ ᠪᠤᠯᠪᠠᠰᠤᠷᠠᠯ ᠢ ᠴᠢᠩᠭ᠋ᠠᠳᠬᠠᠨ᠂ ᠮᠠᠯᠴᠢᠨ ᠲᠠᠷᠢᠶᠠᠴᠢᠳ ᠲᠤ ᠰᠢᠨ᠎ᠠ ᠮᠡᠷᠭᠡᠵᠢᠯ ᠰᠢᠨ᠎ᠠ ᠮᠡᠳ᠋ᠡᠯᠭᠡ ᠶᠢ ᠴᠠᠭ ᠲᠤᠬᠠᠢ ᠲᠤᠨᠢ ᠰᠤᠷᠤᠯᠴᠠᠭᠤᠯᠵᠤ᠂ ᠬᠠᠮᠤᠭ ᠤᠨ ᠰᠢᠨ᠎ᠠ ᠵᠠᠬ᠎ᠠ ᠲᠡᠯᠭᠡᠭᠦᠷ ᠤᠨ ᠬᠦᠳ᠋ᠡᠯᠦᠩᠭᠦᠢ ᠪᠠᠢ᠌ᠳ᠋ᠠᠯ ᠪᠠ ᠦᠨ᠎ᠠ ᠬᠠᠩᠰᠢ ᠶᠢ ᠡᠵᠡᠮᠰᠢᠭᠦᠯᠦᠨ᠂ ᠬᠠᠮᠢᠶᠠᠷᠤᠯᠳ᠋ᠠ ᠶᠢᠨ ᠴᠢᠳ᠋ᠠᠪᠤᠷᠢ ᠪᠠᠨ ᠲᠡᠭᠡᠭ᠍ᠰᠢᠯᠡᠭᠦᠯᠵᠦ᠂ ᠪᠤᠷᠤᠯᠠᠭᠤᠯᠭ᠎ᠠ ᠶᠢᠨ ᠠᠷᠭ᠎ᠠ ᠵᠠᠮ ᠶᠢᠡᠨ ᠦᠷᠭᠡᠳᠭᠡᠵᠦ᠂ ᠮᠠᠯᠴᠢᠨ ᠲᠠᠷᠢᠶᠠᠴᠢᠳ ᠢ ᠲᠠᠢ᠌ᠴᠢᠯᠠᠨ ᠦᠷᠭᠦᠯᠵᠢᠯᠡᠨ ᠤᠷᠤᠯᠭ᠎ᠠ ᠶᠢ ᠨᠡᠮᠡᠭ᠍ᠳ᠋ᠡᠭᠦᠯᠦᠨ ᠪᠠᠶᠠᠵᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)