ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠭᠤᠤᠯ ᠲᠤᠭᠤᠢ᠌ᠯᠠᠩ (ᠦᠷᠭᠡᠳᠭᠡᠭ᠍ᠰᠡᠨ) ᠤᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ

4 ᠰᠠᠷ᠎ᠠ ᠶᠢᠨ 1 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠭᠤᠤᠯ ᠲᠤᠭᠤᠢ᠌ᠯᠠᠩ (ᠦᠷᠭᠡᠳᠭᠡᠭ᠍ᠰᠡᠨ) ᠤᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠬᠤᠰᠢᠭᠤᠨ ᠤ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠪᠠ᠃ ᠬᠤᠷᠠᠯ ᠢ ᠼᠦ᠋ᠢ ᠯᠸᠢ ᠯᠸᠢ ᠡᠷᠬᠢᠯᠡᠪᠡ᠃
ᠰᠤᠷᠤᠯᠴᠠᠬᠤ ᠬᠤᠷᠠᠯ ᠲᠡᠭᠡᠷ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ ᠭᠦᠸᠸ ᠰᠢᠶᠤᠤ ᠴᠢᠶᠠᠨ ᠡᠴᠡ ᠶᠡᠷᠦᠩᠬᠡᠢ ᠱᠦ᠋ᠵᠢ ᠰᠢ ᠵᠢᠨ ᠫᠢᠩ ᠤᠨ ᠠᠷᠪᠠᠨ ᠭᠤᠷᠪᠠᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠠᠪᠤᠳ᠋ᠤᠭᠠᠷ ᠤᠳ᠋ᠠᠭᠠᠨ ᠤ ᠬᠤᠷᠠᠯ ᠤᠨ ᠦᠪᠦᠷ ᠮᠤᠩᠭ᠋ᠤᠯ ᠤᠨ ᠲᠦ᠋ᠯᠦᠭᠡᠯᠡᠭ᠍ᠴᠢᠳ ᠤᠨ ᠪᠦᠯᠬᠦᠮ ᠤᠨ ᠬᠢᠨᠠᠨ ᠵᠦ᠋ᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠠᠢ᠌ᠯᠪᠤᠷᠢᠯᠠᠪᠠ᠃ ᠭᠦᠸᠸ ᠰᠢᠶᠤᠤ ᠴᠢᠶᠠᠨ 《ᠤᠮᠠᠷᠠᠳ᠋ᠤ ᠬᠢᠯᠢ ᠶᠢ ᠭᠦᠨᠵᠡᠭᠡᠢ ᠰᠠᠨᠠᠭᠠᠯᠵᠠᠵᠤ ᠪᠠᠢ᠌ᠬᠤ》 ᠭᠡᠬᠦ ᠭᠤᠤᠯ ᠰᠡᠳ᠋ᠦᠪ ᠤᠨ ᠲᠤᠭᠤᠷᠢᠨ ᠳᠤ ᠭᠦᠨᠵᠡᠭᠡᠢ ᠮᠦ᠋ᠷᠳ᠋ᠡᠭᠡᠨ ᠭᠤᠢ᠌ᠳ᠋ᠠ ᠰᠠᠢ᠌ᠬᠠᠨ ᠤᠨᠤᠯ ᠤᠨ ᠲᠡᠭᠡᠭ᠍ᠰᠢᠯᠡᠯᠳ᠋ᠡ ᠶᠢᠨ ᠬᠢᠴᠢᠶᠡᠯ ᠤᠷᠤᠪᠠ᠃

ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦ᠋ᠵᠢ ᠰᠢ ᠵᠢᠨ ᠫᠢᠩ ᠤᠨ ᠦᠪᠦᠷ ᠮᠤᠩᠭ᠋ᠤᠯ ᠤᠨ ᠲᠦ᠋ᠯᠦᠭᠡᠯᠡᠭ᠍ᠴᠢᠳ ᠤᠨ ᠪᠦᠯᠬᠦᠮ ᠤᠨ ᠬᠢᠨᠠᠨ ᠵᠦ᠋ᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 《ᠲᠠᠪᠤᠨ ᠵᠠᠪᠠᠯ ᠶᠠᠪᠤᠬᠤ ᠵᠠᠮ》 ᠤᠨ ᠲᠤᠬᠠᠢ ᠴᠢᠬᠤᠯᠠ ᠲᠠᠨᠢᠯᠳ᠋ᠠ ᠶᠢ ᠭᠦᠨᠵᠡᠭᠡᠢ ᠤᠢ᠌ᠯᠠᠭᠠᠵᠤ ᠨᠡᠩ ᠪᠠᠳ᠋ᠤᠳᠬᠠᠨ᠂ ᠤᠯᠤᠰ ᠲᠦ᠋ᠷᠦ ᠶᠢᠨ ᠮᠠᠭᠠᠳᠯᠠᠬᠤ ᠴᠢᠳ᠋ᠠᠪᠤᠷᠢ᠂ ᠤᠯᠤᠰ ᠲᠦ᠋ᠷᠦ ᠶᠢᠨ ᠤᠬᠠᠬᠤ ᠴᠢᠳ᠋ᠠᠪᠤᠷᠢ᠂ ᠤᠯᠤᠰ ᠲᠦ᠋ᠷᠦ ᠶᠢᠨ ᠭᠦᠢᠴᠡᠳᠭᠡᠬᠦ ᠴᠢᠳ᠋ᠠᠪᠤᠷᠢ ᠢ ᠲᠡᠭᠡᠭ᠍ᠰᠢᠯᠡᠭᠦᠯᠵᠦ᠂ 《ᠬᠤᠶᠠᠷ ᠢ ᠲᠤᠭᠳ᠋ᠠᠭᠠᠬᠤ》 ᠶᠢ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠦᠨᠡᠨᠴᠢ ᠰᠢᠳ᠋ᠤᠷᠭᠤ ᠬᠠᠮᠠᠭᠠᠯᠠᠨ᠂ 《ᠲᠦ᠋ᠷᠪᠡᠨ ᠤᠬᠠᠮᠰᠡᠷ》 ᠶᠢᠡᠨ ᠲᠠᠰᠤᠷᠠᠯᠳ᠋ᠠ ᠦᠭᠡᠶ ᠴᠢᠩᠭ᠋ᠠᠳᠬᠠᠵᠤ᠂ 《ᠲᠦ᠋ᠷᠪᠡᠨ ᠢᠳ᠋ᠡᠭᠡᠯ》 ᠶᠢᠡᠨ ᠪᠠᠳ᠋ᠤᠳᠬᠠᠨ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠤᠬᠠᠮᠰᠡᠷ ᠢ ᠪᠡᠬᠢᠵᠢᠭᠦᠯᠬᠦ ᠡᠨᠡᠬᠦ ᠭᠤᠤᠯ ᠰᠢᠵᠢᠮ ᠢ ᠴᠢᠩᠭ᠎ᠠ ᠠᠳᠬᠤᠨ᠂ ᠨᠠᠮ ᠤᠨ ᠲᠦ᠋ᠪ ᠬᠤᠷᠢᠶᠠᠨ ᠤ ᠦᠨᠳ᠋ᠦᠰᠦᠳ᠋ᠡᠨ ᠤ ᠠᠵᠢᠯ ᠤᠨ ᠲᠤᠬᠠᠢ ᠴᠢᠬᠤᠯᠠ ᠶᠡᠬᠡ ᠰᠢ᠌ᠳᠪᠦᠷᠢᠳ᠋ᠦ ᠪᠤᠳ᠋ᠤᠯᠭ᠎ᠠ ᠪᠠᠢ᠌ᠷᠢᠯᠠᠭᠤᠯᠤᠯᠳ᠋ᠠ ᠶᠢ ᠡᠷᠡᠰ ᠬᠡᠷᠡᠭ᠍ᠵᠢᠭᠦᠯᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠤᠳ᠋ᠠᠳ᠋ᠠᠢ ᠲᠡᠶ ᠨᠢᠭᠳ᠋ᠠ ᠤᠶᠠᠯᠳ᠋ᠤᠭᠤᠯᠤᠨ᠂ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢ ᠨᠠᠷᠢᠨ ᠬᠢᠨᠠᠮᠠᠭᠠᠢ ᠦᠷᠨᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠤᠬᠠᠮᠰᠡᠷ ᠢ ᠪᠡᠬᠢᠵᠢᠭᠦᠯᠬᠦ ᠲᠤᠰᠬᠠᠢ ᠰᠡᠳ᠋ᠦᠪᠳ᠋ᠦ ᠪᠤᠯᠪᠠᠰᠤᠷᠠᠯ ᠢ ᠢᠳ᠋ᠡᠪᠬᠢᠳ᠋ᠠᠢ ᠦᠷᠨᠢᠭᠦᠯᠵᠦ᠂ ᠮᠠᠨ ᠤᠨ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠦᠢᠯᠡᠰ ᠲᠤ ᠬᠦᠴᠦᠨ ᠨᠡᠮᠡᠷᠢᠯᠡᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)