ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ
4 ᠰᠠᠷ᠎ᠠ ᠶᠢᠨ 2 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠪᠠ ᠬᠠᠩᠰᠢ ᠶᠢᠨ ᠬᠤᠭᠤᠴᠠᠭᠠᠨ ᠳ᠋ᠡᠬᠢ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠢ᠌ᠴᠠᠭᠠᠨ ᠵᠢᠯᠤᠭᠤᠳᠪᠠ᠃ ᠪᠠᠷᠢᠮᠳ᠋ᠠ ᠭᠠᠴᠠᠭ᠎ᠠ᠂ ᠦᠨᠳ᠋ᠦᠷᠬᠠᠳ᠋ᠠ ᠭᠠᠴᠠᠭ᠎ᠠ ᠶᠢᠨ ᠬᠤᠳ᠋ᠠᠯᠳ᠋ᠤᠭ᠎ᠠ ᠲᠡᠯᠭᠡᠭᠦᠷ᠂ ᠲᠠᠩᠰᠠᠯᠠᠨ ᠲᠡᠮᠳ᠋ᠡᠭᠯᠡᠬᠦ ᠬᠤᠷᠢᠭ᠎ᠠ ᠪᠤᠭᠤᠮᠳ᠋ᠠ ᠶᠢᠨ ᠤᠷᠤᠵᠤ ᠭᠠᠷᠬᠤ ᠬᠦᠮᠦᠰ ᠤᠨ ᠺᠤᠳ᠋ ᠰᠢᠷᠪᠢᠵᠦ ᠲᠠᠩᠰᠠᠯᠠᠬᠤ᠂ ᠪᠡᠶ᠎ᠠ ᠶᠢᠨ ᠬᠠᠯᠠᠭᠤᠨ ᠢ ᠬᠡᠮᠵᠢᠬᠦ᠂ ᠠᠷᠢᠭᠤᠳᠬᠠᠨ ᠠᠷᠢᠯᠭᠠᠬᠤ ᠵᠢᠴᠢ ᠭᠠᠴᠠᠭᠠᠨ ᠤ ᠬᠤᠯᠪᠤᠭᠠᠯᠠᠨ ᠰᠡᠷᠭᠡᠢ᠌ᠯᠡᠵᠦ ᠬᠤᠯᠪᠤᠭᠠᠯᠠᠨ ᠡᠵᠡᠮᠳ᠋ᠡᠬᠦ ᠲᠤᠭᠳ᠋ᠠᠴᠠ᠂ ᠴᠢᠬᠤᠯᠠ ᠬᠦᠮᠦᠰ ᠤᠨ ᠨᠤᠳ᠋ᠤᠭ ᠲᠠᠭᠠᠨ ᠪᠤᠴᠠᠭᠰᠠᠳ ᠤᠨ ᠬᠠᠮᠢᠶᠠᠷᠤᠯᠳ᠋ᠠ᠂ ᠲᠠᠷᠢᠯᠭ᠎ᠠ ᠲᠠᠷᠢᠭᠰᠡᠨ ᠵᠡᠷᠭᠡ ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠨᠠᠷᠢᠯᠢᠭ ᠪᠠᠢ᠌ᠴᠠᠭᠠᠵᠤ ᠤᠢ᠌ᠯᠠᠭᠠᠨ᠂ ᠪᠠᠢ᠌ᠴᠠᠭᠠᠯᠳ᠋ᠠ ᠲᠤᠮᠳ᠋ᠠ ᠢᠯᠡᠷᠡᠭᠦᠯᠦᠭ᠍ᠰᠡᠨ ᠠᠰᠠᠭᠤᠳ᠋ᠠᠯ ᠢ ᠲᠤᠬᠠᠢ ᠶᠢᠨ ᠲᠠᠯᠠᠪᠤᠷ ᠲᠤᠨᠢ ᠵᠢᠭᠠᠨ ᠵᠢᠯᠤᠭᠤᠳᠪᠠ᠃
ᠪᠦᠬᠦ ᠪᠠᠯᠭᠠᠰᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠬᠤ ᠪᠠ ᠬᠠᠩᠰᠢ ᠶᠢᠨ ᠬᠤᠭᠤᠴᠠᠭᠠᠨ ᠳ᠋ᠡᠬᠢ ᠤᠢ ᠰᠢᠭᠤᠢ ᠨᠤᠳ᠋ᠤᠭ ᠪᠡᠯᠴᠢᠭᠡᠷ ᠤᠨ ᠭᠠᠯ ᠢ ᠰᠡᠷᠭᠡᠢ᠌ᠯᠡᠬᠦ ᠠᠵᠢᠯ ᠢ ᠦᠷᠨᠢᠭᠦᠯᠦᠭ᠍ᠰᠡᠨ ᠪᠠᠢ᠌ᠳ᠋ᠠᠯ ᠢ ᠤᠢ᠌ᠯᠠᠭᠠᠭᠰᠠᠨ ᠤ ᠲᠠᠷᠠᠭ᠎ᠠ᠂ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤ ᠶᠢᠨ ᠭᠢᠨ ᠡᠷᠬᠡᠪᠰᠢ ᠬᠠᠩᠰᠢ ᠶᠢᠨ ᠬᠤᠭᠤᠴᠠᠭᠠᠨ ᠳ᠋ᠡᠬᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠤᠢ ᠰᠢᠭᠤᠢ ᠨᠤᠳ᠋ᠤᠭ ᠪᠡᠯᠴᠢᠭᠡᠷ ᠤᠨ ᠭᠠᠯ ᠢ ᠰᠡᠷᠭᠡᠢ᠌ᠯᠡᠬᠦ ᠠᠵᠢᠯ ᠤᠨ ᠬᠦᠨᠳ᠋ᠦ ᠨᠤᠴᠢᠳ᠋ᠠᠢ ᠴᠢᠨᠠᠷ᠂ ᠪᠤᠳ᠋ᠤᠯᠢᠶᠠᠨᠳ᠋ᠠᠢ ᠴᠢᠨᠠᠷ ᠢ ᠰᠡᠷᠭᠡᠭ᠌ ᠶᠢᠡᠷ ᠲᠠᠨᠢᠵᠤ᠂ ᠴᠠᠭ ᠢᠮᠠᠬᠳ᠋ᠠ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠤᠢ ᠰᠢᠭᠤᠢ ᠨᠤᠳ᠋ᠤᠭ ᠪᠡᠯᠴᠢᠭᠡᠷ ᠤᠨ ᠭᠠᠯ ᠢ ᠰᠡᠷᠭᠡᠢ᠌ᠯᠡᠬᠦ ᠠᠵᠢᠯ ᠢ ᠴᠢᠩᠭ᠋ᠠᠳᠬᠠᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠦᠴᠦᠬᠡᠨ ᠴᠦ ᠰᠤᠯᠠᠷᠠᠭᠤᠯᠤᠯ ᠦᠭᠡᠶ ᠰᠠᠢ᠌ᠳ᠋ᠤᠷ ᠬᠢᠵᠦ᠂ ᠮᠢᠨᠴᠦᠭᠦᠷᠡᠬᠦ ᠦᠵᠡᠯ ᠰᠠᠨᠠᠭ᠎ᠠ ᠪᠠ ᠭᠤᠷᠢᠳ᠋ᠠᠬᠤ ᠪᠤᠳ᠋ᠤᠯ ᠢ ᠡᠷᠡᠰ ᠲᠡᠪᠴᠢᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠤᠢ ᠪᠤᠯᠭᠠᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠴᠠᠭ ᠢᠮᠠᠭᠳ᠋ᠠ ᠠᠳᠬᠤᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)