ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠬᠤᠪᠤᠯᠳ᠋ᠤ ᠭᠠᠴᠠᠭᠠᠨ ᠳᠤ ᠬᠦᠷᠴᠦ ᠨᠠᠮ ᠤᠨ ᠡᠭᠦᠷ ᠤᠨ ᠬᠠᠮᠳ᠋ᠤᠷᠠᠨ ᠪᠠᠢ᠌ᠭᠤᠯᠬᠤ ᠠᠵᠢᠯᠯᠠᠭ᠎ᠠ ᠦᠷᠨᠢᠭᠦᠯᠪᠡ
4 ᠰᠠᠷ᠎ᠠ ᠶᠢᠨ 2 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠠ ᠪᠠᠶᠠᠷᠳ᠋ᠤᠬᠤᠰᠢᠭᠤ ᠪᠠᠯᠭᠠᠰᠤᠨ ᠤ ᠬᠤᠪᠤᠯᠳ᠋ᠤ ᠭᠠᠴᠠᠭᠠᠨ ᠤ ᠨᠠᠮ ᠤᠨ ᠡᠭᠦᠷ ᠬᠠᠮᠳ᠋ᠤᠷᠠᠨ 《ᠨᠠᠮ ᠤᠨ ᠡᠭᠦᠷ+ ᠨᠠᠮ ᠤᠨ ᠡᠭᠦᠷ》 ᠤᠨ ᠬᠠᠷᠢᠯᠴᠡᠨ ᠰᠤᠷᠤᠯᠴᠠᠵᠤ ᠬᠠᠷᠢᠯᠴᠡᠨ ᠬᠠᠪᠰᠤᠷᠤᠯᠴᠠᠵᠤ ᠬᠠᠮᠳ᠋ᠤᠪᠠᠷ ᠲᠡᠭᠡᠭ᠍ᠰᠢᠯᠡᠬᠦ ᠭᠤᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ᠃

ᠠᠵᠢᠯᠯᠠᠭ᠎ᠠ ᠲᠤᠮᠳ᠋ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠨᠡᠮ ᠤᠨ ᠭᠡᠰᠢᠭᠦᠨ ᠺᠠᠳ᠋ᠷᠴᠤᠳ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠦᠢᠯᠡᠴᠢᠯᠡᠭᠡᠨ ᠤ ᠲᠤᠭᠤᠢ᠌ᠯᠠᠩ ᠤᠨ ᠲᠡᠭᠡᠷ᠎ᠠ ᠤᠳ᠋ᠠᠭᠠᠨ ᠤ ᠪᠠᠢ᠌ᠴᠠᠭᠠᠯᠳ᠋ᠠ ᠶᠢᠨ ᠲᠤᠮᠳ᠋ᠠ ᠢᠯᠡᠷᠡᠭᠦᠯᠦᠭ᠍ᠰᠡᠨ ᠠᠰᠠᠭᠤᠳ᠋ᠠᠯ ᠢ ᠴᠡᠭ᠍ᠴᠡᠯᠡᠨ ᠰᠠᠢ᠌ᠵᠢᠷᠠᠭᠤᠯᠤᠭᠰᠠᠨ ᠪᠠᠢ᠌ᠳ᠋ᠠᠯ ᠢ ᠨᠠᠷᠢᠯᠢᠭ ᠪᠠᠢ᠌ᠴᠠᠭᠠᠨ ᠦᠵᠡᠬᠦ ᠶᠢᠨ ᠬᠠᠮᠳ᠋ᠤ ᠬᠠᠩᠰᠢ ᠶᠢᠨ ᠬᠤᠭᠤᠴᠠᠭᠠᠨ ᠳ᠋ᠡᠬᠢ ᠨᠤᠳ᠋ᠤᠭ ᠲᠠᠭᠠᠨ ᠪᠤᠴᠠᠵᠤ ᠲᠡᠭᠡᠳ᠋ᠦᠰ ᠶᠢᠡᠨ ᠲᠠᠬᠢᠬᠤ ᠬᠦᠮᠦᠰ ᠢ ᠬᠠᠮᠢᠶᠠᠷᠤᠨ ᠡᠵᠡᠮᠳ᠋ᠡᠬᠦ ᠪᠠ ᠪᠤᠯᠪᠠᠰᠤᠨ ᠲᠠᠬᠢᠯᠭ᠎ᠠ᠂ ᠤᠢ ᠰᠢᠭᠤᠢ ᠨᠤᠳ᠋ᠤᠭ ᠪᠡᠯᠴᠢᠭᠡᠷ ᠤᠨ ᠭᠠᠯ ᠢ ᠰᠡᠷᠭᠡᠢ᠌ᠯᠡᠬᠦ ᠬᠠᠮᠢᠶᠠᠷᠤᠯᠳ᠋ᠠ ᠵᠡᠷᠭᠡ ᠠᠵᠢᠯ ᠢ ᠪᠠᠢ᠌ᠴᠠᠭᠠᠨ ᠵᠢᠯᠤᠭᠤᠳᠴᠦ᠂ ᠨᠠᠮ ᠤᠨ ᠡᠭᠦᠷ ᠤᠨ ᠬᠤᠭᠤᠷᠤᠨᠳ᠋ᠤᠬᠢ ᠲᠤᠷᠰᠢᠯᠭ᠎ᠠ ᠪᠠᠨ ᠰᠤᠯᠢᠯᠴᠠᠬᠤ ᠪᠠ ᠲᠤᠳ᠋ᠠᠭᠳ᠋ᠠᠯ ᠶᠢᠡᠨ ᠬᠠᠷᠢᠯᠴᠡᠨ ᠨᠦ᠋ᠬᠦᠪᠦᠷᠢᠯᠡᠬᠦ ᠶᠢ ᠪᠡᠶᠡᠯᠡᠭᠦᠯᠦᠨ᠂ ᠬᠠᠮᠳ᠋ᠤᠪᠠᠷ ᠨᠠᠮ ᠤᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠤᠨ ᠰᠢᠨ᠎ᠠ ᠪᠠᠢ᠌ᠷᠢᠰᠢᠯ ᠢ ᠲᠡᠭᠡᠭ᠍ᠰᠢᠯᠡᠭᠦᠯᠬᠦ ᠴᠢᠬᠤᠯᠠ ᠨᠢᠭᠡ ᠠᠯᠬᠤᠮ ᠢ ᠠᠯᠬᠤᠪᠠ᠃ (ᠨᠠᠢ᠌ᠷᠠᠭᠤᠯᠤᠭᠴᠢ᠄ ᠯᠸᠢ ᠫᠠᠩ)