ᠠᠷᠠᠳ ᠤᠨ ᠲᠦ᠋ᠯᠦᠭᠡᠯᠡᠭ᠍ᠴᠢᠳ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠪᠠᠢ᠌ᠨ᠎ᠠ





ᠬᠦᠷᠰᠢ ᠵᠡᠷᠭᠡᠯᠡᠳ᠋ᠡᠭᠡ ᠭᠠᠵᠠᠷ ᠤᠷᠤᠨ ᠤ ᠬᠢᠵᠢᠭ᠌ ᠤᠨ ᠪᠠᠢ᠌ᠳ᠋ᠠᠯ ᠤᠯᠠᠨ ᠴᠡᠭ᠌ ᠲᠤ ᠲᠠᠷᠬᠠᠨ ᠲᠡᠯᠭᠡᠷᠡᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠳ᠋ᠠᠯ ᠲᠦ᠋ᠢᠯ ᠤᠨ ᠬᠦᠨᠳ᠋ᠦ ᠨᠤᠴᠢᠳ᠋ᠠᠢ ᠪᠠᠢ᠌ᠳ᠋ᠠᠯ ᠲᠤᠤᠷ᠎ᠠ᠂ ᠭᠡᠷᠴᠢᠯᠠᠭᠤ ᠰᠤᠮᠤᠨ ᠤ ᠠᠷᠠᠳ ᠤᠨ ᠲᠦ᠋ᠯᠦᠭᠡᠯᠡᠭ᠍ᠴᠢᠳ ᠲᠠᠷᠦᠢ ᠲᠦ᠋ᠷᠭᠡᠨ ᠬᠦᠳ᠋ᠡᠯᠦᠯᠴᠡᠨ ᠢᠳ᠋ᠡᠪᠭᠢᠳ᠋ᠠᠢ ᠠᠵᠢᠯᠯᠠᠵᠤ᠂ ᠰᠡᠷᠭᠡᠢ᠌ᠯᠡᠨ ᠡᠵᠡᠮᠳ᠋ᠡᠬᠦ ᠤᠬᠠᠮᠰᠡᠷ ᠢ ᠲᠦ᠋ᠷᠦᠭᠦᠯᠡᠨ ᠴᠢᠩᠭ᠋ᠠᠳᠬᠠᠨ᠂ ᠰᠡᠷᠭᠡᠢ᠌ᠯᠡᠨ ᠡᠵᠡᠮᠳ᠋ᠡᠬᠦ ᠠᠵᠢᠯ ᠤᠨ ᠠᠷᠭ᠎ᠠ ᠠᠪᠴᠡᠯ ᠢ ᠨᠠᠢ᠌ᠳ᠋ᠠᠪᠤᠷᠢᠵᠢᠭᠤᠯᠵᠤ᠂ ᠡᠮᠦᠨ᠎ᠠ ᠹᠷᠤᠨᠲ ᠲᠤ ᠬᠦᠷᠴᠦ᠂ ᠬᠤᠷᠢᠭ᠎ᠠ ᠱᠤᠭᠤᠮ ᠢ ᠪᠡᠬᠢᠵᠢᠭᠦᠯᠦᠨ᠂ ᠠᠷᠠᠳ ᠤᠨ ᠲᠦ᠋ᠯᠦᠭᠡᠯᠡᠭ᠍ᠴᠢᠳ ᠤᠨ ᠬᠠᠷᠢᠭᠤᠴᠠᠯᠭ᠎ᠠ ᠪᠤᠯᠤᠨ ᠡᠭᠦᠷᠭᠡᠯᠡᠯ ᠶᠢᠡᠷ ᠤᠯᠠᠨ ᠲᠦ᠋ᠮᠡᠨ ᠤ ᠠᠮᠢ ᠨᠠᠰᠤ ᠡᠷᠡᠭᠦᠯ ᠮᠡᠨᠳ᠋ᠦ ᠶᠢ ᠰᠠᠬᠢᠨ ᠬᠠᠮᠠᠭᠠᠯᠠᠵᠤ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)