ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠯᠦ᠋ᠪᠸᠢ ᠪᠠᠯᠭᠠᠰᠤᠨ ᠤ ᠠᠵᠢᠯ ᠢ ᠪᠠᠢ᠌ᠴᠠᠭᠠᠨ ᠵᠢᠯᠤᠭᠤᠳᠪᠠ



3 ᠰᠠᠷ᠎ᠠ ᠶᠢᠨ 30 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠨᠡᠷ ᠯᠦ᠋ᠪᠸᠢ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠰᠤᠳ᠋ᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠤᠳ᠋ᠤᠷᠢᠳ᠋ᠤᠯᠭ᠎ᠠ ᠪᠠᠷ᠎ᠠ ᠪᠤᠯᠵᠤ ᠪᠠᠢ᠌ᠴᠠᠭᠠᠨ ᠰᠤᠳ᠋ᠤᠯᠪᠠ᠃ (ᠨᠠᠢ᠌ᠷᠠᠭᠤᠯᠤᠭᠴᠢ᠄ ᠯᠸᠢ ᠫᠠᠩ)