ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠰᠤᠷᠤᠯᠴᠠᠨ ᠰᠤᠯᠢᠯᠴᠠᠬᠤ ᠬᠤᠷᠠᠯ ᠬᠤᠷᠠᠯᠳ᠋ᠤᠪᠠ


4 ᠰᠠᠷ᠎ᠠ ᠶᠢᠨ 1 ᠤ ᠡᠳ᠋ᠦᠷ᠂ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠪᠦᠬᠦ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠠᠷᠪᠠᠨ ᠭᠤᠷᠪᠠᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠪᠠ ᠰᠢ ᠵᠢᠨ ᠫᠢᠩ ᠶᠡᠷᠦᠩᠬᠡᠢ ᠱᠦ᠋ᠵᠢ ᠦᠪᠦᠷ ᠮᠤᠩᠭ᠋ᠤᠯ ᠤᠨ ᠲᠦ᠋ᠯᠦᠭᠡᠯᠡᠭ᠍ᠴᠢᠳ ᠤᠨ ᠪᠦᠯᠬᠦᠮ ᠤᠨ ᠬᠢᠨᠠᠨ ᠵᠦ᠋ᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠡᠷᠭᠡ ᠠᠭᠤᠯᠭ᠎ᠠ ᠶᠢ ᠰᠦ᠋ᠯᠵᠢᠶᠡᠨ ᠲᠡᠭᠡᠷ᠎ᠠ ᠦᠪᠡᠰᠦᠪᠡᠨ ᠰᠤᠷᠤᠯᠴᠠᠪᠠ᠃ 4 ᠰᠠᠷ᠎ᠠ ᠶᠢᠨ 2 ᠤ ᠡᠳ᠋ᠦᠷ᠂ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠭᠤᠤᠯ ᠠᠭᠤᠯᠭ᠎ᠠ ᠶᠢ ᠲᠦ᠋ᠪᠯᠡᠷᠡᠨ ᠰᠤᠷᠤᠯᠴᠠᠭᠰᠠᠨ ᠪᠦᠭᠡᠳ ᠬᠤᠪᠢ ᠪᠡᠶ᠎ᠠ ᠶᠢᠨ ᠪᠤᠳ᠋ᠠᠳ᠋ᠤ ᠪᠠᠢ᠌ᠳ᠋ᠠᠯ ᠵᠢᠴᠢ ᠪᠤᠳ᠋ᠠᠳ᠋ᠠᠢ ᠰᠡᠳᠭᠢᠴᠡ ᠪᠠ ᠠᠷᠭ᠎ᠠ ᠠᠪᠴᠠᠯ ᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠰᠤᠳ᠋ᠤᠯᠤᠨ ᠶᠠᠷᠢᠯᠴᠡᠪᠡ᠃ (ᠨᠠᠢ᠌ᠷᠠᠭᠤᠯᠤᠭᠴᠢ᠄ ᠯᠸᠢ ᠫᠠᠩ)