ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ

4 ᠰᠠᠷ᠎ᠠ ᠶᠢᠨ 8 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠵᠤ᠂ ᠨᠡᠢ᠌ᠳ᠋ᠡᠯᠢᠭ᠌ ᠬᠡᠷᠡᠭ᠌ ᠤᠨ ᠵᠢᠱᠢᠶ᠎ᠠ ᠪᠠᠷ ᠬᠠᠦᠯᠢ ᠶᠢ ᠲᠦ᠋ᠭᠡᠮᠡᠯᠵᠢᠭᠦᠯᠬᠦ᠂ ᠤᠯᠠᠮᠵᠢᠯᠠᠵᠤ ᠲᠠᠷᠬᠠᠭᠠᠨ ᠰᠤᠷᠤᠯᠴᠠᠬᠤ᠂ ᠨᠠᠮ ᠤᠨ ᠪᠢᠴᠢᠯ ᠬᠢᠴᠢᠶᠡᠯᠯᠡᠭᠡ ᠶᠢ ᠦᠵᠡᠬᠦ ᠵᠡᠷᠭᠡ ᠬᠡᠯᠪᠡᠷᠢ ᠪᠠᠷ ᠲᠠᠮᠵᠢᠨ᠂ ᠨᠢᠭᠤᠴᠠ ᠶᠢ ᠬᠠᠮᠠᠭᠠᠯᠠᠬᠤ ᠠᠵᠢᠯ ᠤᠨ ᠮᠡᠳ᠋ᠡᠯᠭᠡ᠂《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠠᠵᠢᠯ ᠢ ᠢᠯᠡ ᠪᠤᠯᠭᠠᠬᠤ ᠲᠦ᠋ᠷᠢᠮ (ᠲᠤᠷᠰᠢᠨ ᠬᠡᠷᠡᠭ᠍ᠵᠢᠭᠦᠯᠬᠦ)》《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠡᠭᠦᠷ ᠤᠨ ᠠᠵᠢᠯ ᠤᠨ ᠲᠦ᠋ᠷᠢᠮ (ᠲᠤᠷᠰᠢᠨ ᠬᠡᠷᠡᠭ᠍ᠵᠢᠭᠦᠯᠬᠦ)》 ᠢ ᠲᠠᠷᠠᠭᠠᠯᠠᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠼᠦ᠋ᠢ ᠯᠸᠢ ᠯᠸᠢ᠂ ᠵᠠᠩ ᠶᠦ᠋ᠩ ᠴᠢᠶᠠᠩ ᠪᠤᠯᠤᠨ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠤᠷᠤᠯᠴᠠᠪᠠ᠃ ᠬᠤᠷᠠᠯ ᠢ ᠯᠢ ᠴᠸᠩ ᠭᠦᠸᠸ ᠡᠷᠬᠢᠯᠡᠪᠡ᠃
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠠᠵᠢᠯᠳ᠋ᠡᠳ ᠨᠡᠢ᠌ᠳ᠋ᠡᠯᠢᠭ᠌ ᠬᠡᠷᠡᠭ᠌ ᠤᠨ ᠵᠢᠱᠢᠶ᠎ᠠ ᠶᠢ ᠵᠠᠳ᠋ᠠᠯᠤᠨ ᠰᠢᠨᠵᠢᠯᠡᠬᠦ ᠪᠠᠷ ᠲᠠᠮᠵᠢᠭᠤᠯᠤᠨ᠂ ᠪᠦᠬᠦ ᠺᠠᠳ᠋ᠷ ᠠᠵᠢᠯᠳ᠋ᠡᠳ ᠨᠢᠭᠤᠴᠠ ᠶᠢ ᠬᠠᠮᠠᠭᠠᠯᠠᠬᠤ ᠠᠵᠢᠯ ᠤᠨ ᠬᠦᠨᠳ᠋ᠦ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠤᠪᠢ ᠪᠡᠶ᠎ᠠ ᠶᠢᠨ ᠤᠯᠤᠰ ᠲᠦ᠋ᠷᠦ ᠶᠢᠨ ᠤᠬᠠᠮᠰᠡᠷ᠂ ᠬᠠᠷᠢᠭᠤᠴᠠᠯᠭᠠᠳ᠋ᠤ ᠤᠬᠠᠮᠰᠡᠷ ᠪᠠ ᠨᠢᠭᠤᠴᠠ ᠶᠢ ᠬᠠᠮᠠᠭᠠᠯᠠᠬᠤ ᠤᠬᠠᠮᠰᠡᠷ ᠶᠢᠡᠨ ᠴᠢᠷᠮᠠᠢ᠌ᠨ ᠲᠡᠭᠡᠭ᠍ᠰᠢᠯᠡᠭᠦᠯᠵᠦ᠂ ᠤᠬᠠᠮᠰᠡᠷ ᠡᠴᠡ ᠪᠠᠨ ᠨᠢᠭᠤᠴᠠ ᠶᠢ ᠬᠠᠮᠠᠭᠠᠯᠠᠬᠤ ᠬᠠᠦᠯᠢ ᠲᠤᠭᠳ᠋ᠠᠭᠠᠯ᠂ ᠲᠦ᠋ᠷᠢᠮ ᠪᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳ᠋ᠠᠯᠭ᠎ᠠ ᠶᠢᠨ ᠶᠤᠰᠤᠭᠠᠷ᠂ ᠸᠢᠴᠠᠲ ᠵᠡᠷᠭᠡ ᠨᠡᠢ᠌ᠭᠡᠮ ᠤᠨ ᠬᠠᠷᠢᠯᠴᠠᠭᠠᠨ ᠤ ᠵᠠᠭᠤᠴᠢ ᠪᠠ ᠲᠤᠤᠷ ᠰᠦ᠋ᠯᠵᠢᠶᠡᠨ ᠤ ᠬᠡᠷᠡᠭᠯᠡᠯᠳ᠋ᠡ ᠶᠢ ᠲᠦ᠋ᠷᠢᠮᠵᠢᠭᠦᠯᠵᠦ᠂ ᠨᠢᠭᠤᠴᠠ ᠶᠢ ᠵᠠᠳ᠋ᠠᠷᠠᠭᠤᠯᠬᠤ ᠬᠡᠷᠡᠭ᠌ ᠡᠭᠦᠰᠬᠦ ᠶᠢ ᠡᠷᠡᠰ ᠬᠤᠷᠢᠭᠯᠠᠬᠤ ᠬᠡᠷᠡᠭ᠍ᠳ᠋ᠠᠢ᠃
ᠬᠤᠷᠠᠯ ᠲᠡᠭᠡᠷ᠎ᠠ ᠯᠢ ᠴᠸᠩ ᠭᠦᠸᠸ ᠡᠴᠡ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠠᠵᠢᠯ ᠢ ᠢᠯᠡ ᠪᠤᠯᠭᠠᠬᠤ ᠲᠦ᠋ᠷᠢᠮ (ᠲᠤᠷᠰᠢᠨ ᠬᠡᠷᠡᠭ᠍ᠵᠢᠭᠦᠯᠬᠦ)》 ᠢ ᠲᠠᠭᠠᠭᠤᠯᠤᠨ ᠰᠤᠷᠤᠯᠴᠠᠪᠠ᠃
ᠬᠤᠷᠠᠯ ᠲᠡᠭᠡᠷ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠪᠢᠴᠢᠯ ᠬᠢᠴᠢᠶᠡᠯᠯᠡᠭᠡ《〈ᠨᠠᠮ ᠤᠨ ᠡᠭᠦᠷ ᠢ ᠰᠤᠮᠤᠨ ᠳᠤ ᠪᠠᠢ᠌ᠭᠤᠯᠬᠤ〉ᠢᠷᠠᠭᠤ ᠠᠯᠳ᠋ᠠᠷᠳ᠋ᠤ ᠤᠯᠠᠮᠵᠢᠯᠡᠯ ᠢ ᠪᠠᠳ᠋ᠠᠷᠠᠭᠤᠯᠬᠤ》《ᠨᠠᠮ ᠤᠨ ᠡᠭᠦᠷ ᠤᠨ ᠴᠢᠳ᠋ᠠᠮᠵᠢ ᠶᠢᠨ ᠪᠠᠢ᠌ᠷᠢ ᠲᠤᠭᠳ᠋ᠠᠭᠠᠯᠳ᠋ᠠ ᠪᠠ ᠡᠭᠦᠷᠭᠡ ᠬᠠᠷᠢᠭᠤᠴᠠᠯᠭ᠎ᠠ ᠶᠢᠨ ᠱᠠᠭᠠᠷᠳ᠋ᠠᠯᠭ᠎ᠠ》 ᠵᠡᠷᠭᠡ ᠬᠤᠶᠠᠷ ᠲᠠᠢ᠌ᠯᠤᠮᠵᠢ ᠶᠢᠨ ᠸᠢᠳᠢᠣ᠋ ᠶᠢ ᠦᠵᠡᠵᠦ᠂ ᠪᠠᠰᠠ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠡᠭᠦᠷ ᠤᠨ ᠠᠵᠢᠯ ᠤᠨ ᠲᠦ᠋ᠷᠢᠮ (ᠲᠤᠷᠰᠢᠨ ᠬᠡᠷᠡᠭ᠍ᠵᠢᠭᠦᠯᠬᠦ)》 ᠢ ᠭᠦᠨᠵᠡᠭᠡᠢ ᠰᠤᠷᠤᠯᠴᠠᠪᠠ᠃ (ᠨᠠᠢ᠌ᠷᠠᠭᠤᠯᠤᠭᠴᠢ᠄ ᠯᠸᠢ ᠫᠠᠩ)