ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠯᠤᠰ ᠶᠢᠡᠨ ᠬᠠᠢ᠌ᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠢᠳ᠋ᠡᠪᠬᠢᠳ᠋ᠠᠢ ᠲᠦ᠋ᠯᠬᠢᠨ ᠠᠬᠢᠭᠤᠯᠪᠠ


ᠤᠯᠠᠨ ᠲᠦ᠋ᠮᠡᠨ ᠤ ᠡᠷᠡᠭᠦᠯ ᠬᠠᠮᠠᠭᠠᠯᠠᠯ ᠤᠨ ᠤᠬᠠᠮᠰᠡᠷ᠂ ᠪᠤᠯᠪᠠᠰᠤᠨ ᠬᠡᠪ ᠴᠢᠨᠠᠷ ᠢ ᠤᠯᠠᠮ ᠨᠢᠭᠡ ᠠᠯᠬᠤᠮ ᠴᠢᠩᠭ᠋ᠠᠳᠬᠠᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦ᠋ᠪᠰᠢᠨ ᠢ ᠲᠡᠭᠡᠭ᠍ᠰᠢᠯᠡᠭᠦᠯᠬᠦ ᠶᠢᠨ ᠲᠦ᠋ᠯᠦᠭᠡ᠂ ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ 《ᠪᠤᠯᠪᠠᠰᠤᠨ ᠡᠷᠡᠭᠦᠯ ᠴᠢᠬᠢᠷᠠᠭ᠂ ᠪᠤᠬᠢᠷᠳ᠋ᠤᠯ ᠦᠭᠡᠶ ᠤᠷᠴᠢᠨ ᠲᠤᠭᠤᠷᠢᠨ ᠢ ᠬᠠᠮᠠᠭᠠᠯᠠᠬᠤ》 ᠭᠤᠤᠯ ᠰᠡᠳ᠋ᠦᠪᠳ᠋ᠦ ᠤᠯᠤᠰ ᠶᠢᠡᠨ ᠬᠠᠢ᠌ᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠳᠤ ᠤᠷᠤᠯᠴᠡᠨ᠂ ᠰᠠᠢ᠌ᠨ ᠰᠠᠢ᠌ᠬᠠᠨ ᠡᠷᠡᠭᠦᠯ ᠴᠢᠬᠢᠷᠠᠭ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠡᠭᠦᠳᠬᠦ ᠳᠤ᠂ ᠠᠷᠠᠳ ᠤᠨ ᠲᠦ᠋ᠯᠦᠭᠡᠯᠡᠭ᠍ᠴᠢᠳ ᠤᠨ ᠬᠤᠪᠢ ᠨᠡᠮᠡᠷᠢ ᠪᠠᠨ ᠦᠵᠡᠬᠦᠯᠵᠦ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)