ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ᠁
ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠠᠵᠢᠯ ᠪᠠᠢ᠌ᠴᠠᠭᠠᠨ ᠰᠤᠳ᠋ᠤᠯᠪᠠ

        4 ᠰᠠᠷ᠎ᠠ ᠶᠢᠨ 12 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠴᠢᠨᠳ᠋ᠠᠮᠤᠨᠢ ᠰᠤᠮᠤ᠂ ᠬᠤᠩᠬᠠᠳ᠋ᠤ ᠪᠠᠯᠭᠠᠰᠤᠨ ᠳᠤ ᠬᠦᠷᠴᠦ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠭ᠍ᠵᠢᠯᠳ᠋ᠡ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠪᠠ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠵᠡᠷᠭᠡ ᠠᠵᠢᠯ ᠢ ᠪᠠᠢ᠌ᠴᠠᠭᠠᠨ ᠰᠤᠳ᠋ᠤᠯᠪᠠ᠃

       
            ᠴᠢᠳ᠋ᠠᠮᠤᠨᠢ ᠰᠤᠮᠤᠨ ᠳᠤ᠂ ᠡᠦ ᠴᠢᠩ ᠬᠠᠢ ᠨᠡᠷ ᠤᠷᠢᠳ ᠬᠤᠵᠢᠳ ᠡᠾᠸ ᠹᠸᠩ ᠡᠪᠡᠰᠦᠨ ᠤ ᠦᠢᠯᠡᠰ ᠤᠨ ᠺᠤᠮᠫᠠᠨᠢ᠂ ᠴᠠᠭᠠᠨᠨᠠᠭᠤᠷ ᠤᠰᠤᠨ ᠴᠦ᠋ᠬᠦᠷᠦᠮ ᠵᠡᠷᠭᠡ ᠭᠠᠵᠠᠷ ᠶᠢᠡᠷ ᠭᠦᠨᠵᠡᠭᠡᠢ᠌ᠷᠡᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠭ᠍ᠵᠢᠯᠳ᠋ᠡ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠵᠢᠴᠢ ᠠᠷᠠᠳ ᠤᠨ ᠲᠦ᠋ᠯᠦᠭᠡᠯᠡᠭ᠍ᠴᠢᠳ ᠤᠨ ᠠᠵᠢᠯᠯᠠᠭ᠎ᠠ ᠦᠷᠨᠢᠭᠦᠯᠦᠭ᠍ᠰᠡᠨ ᠵᠡᠷᠭᠡ ᠪᠠᠢ᠌ᠳ᠋ᠠᠯ ᠢ ᠭᠤᠤᠯᠳ᠋ᠠᠯᠭ᠎ᠠ ᠲᠡᠶ ᠪᠠᠢ᠌ᠴᠠᠭᠠᠪᠠ᠃ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠤᠯᠳ᠋ᠠ ᠬᠢᠵᠦ ᠲᠠᠭᠤᠰᠤᠭᠰᠠᠨ ᠤ ᠲᠠᠷᠠᠭ᠎ᠠ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠴᠢᠨᠳ᠋ᠠᠮᠤᠨᠢ ᠰᠤᠮᠤ ᠶᠢᠨ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠵᠢᠴᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠰᠤᠨᠤᠰᠤᠭᠰᠠᠨ ᠪᠦᠭᠡᠳ ᠤᠳ᠋ᠤᠬᠠᠨ ᠤ ᠠᠵᠢᠯ ᠢ ᠰᠠᠢ᠌ᠳ᠋ᠤᠷ ᠦᠷᠨᠢᠭᠦᠯᠬᠦ ᠲᠤᠬᠠᠢ ᠰᠠᠨᠠᠭᠤᠯᠭ᠎ᠠ ᠪᠠ ᠱᠠᠭᠠᠷᠳ᠋ᠠᠯᠭ᠎ᠠ ᠲᠤᠷᠠᠳᠪᠠ᠃

            
            ᠡᠦ ᠴᠢᠩ ᠬᠠᠢ ᠡᠴᠡ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠤᠯᠤᠨ ᠰᠤᠮᠤᠨ ᠤ ᠪᠤᠳ᠋ᠠᠳ᠋ᠢ ᠬᠦᠭ᠍ᠵᠢᠯᠳ᠋ᠡ ᠶᠢᠨ ᠤᠳ᠋ᠤᠬᠢ ᠪᠠᠢ᠌ᠳ᠋ᠠᠯ ᠪᠠ ᠮᠠᠯᠴᠢᠨ ᠲᠠᠷᠢᠶᠠᠴᠢᠨ ᠤ   ᠤᠯᠠᠮᠵᠢᠯᠠᠯᠳ᠋ᠤ ᠦᠢᠯᠡᠳᠪᠦᠷᠢᠯᠡᠯ ᠠᠮᠢᠳ᠋ᠤᠷᠠᠯ ᠤᠨ ᠲᠠᠳᠬᠠᠯ ᠲᠡᠶ ᠤᠶᠠᠯᠳ᠋ᠤᠭᠤᠯᠤᠨ᠂ ᠮᠠᠯᠴᠢᠨ ᠲᠠᠷᠢᠶᠠᠴᠢᠨ ᠢ ᠬᠦᠳ᠋ᠦᠯᠦᠨ ᠵᠢᠯᠤᠭᠤᠳᠴᠦ ᠲᠠᠷᠢᠵᠤ ᠲᠡᠵᠢᠭᠡᠬᠦ ᠶᠢ ᠤᠶᠠᠯᠳ᠋ᠤᠭᠤᠯᠤᠭᠰᠠᠨ ᠤᠯᠠᠨ   ᠡᠰᠢᠴᠢᠯᠡᠭ᠍ᠰᠡᠨ ᠡᠵᠡᠩᠨᠡᠯᠳ᠋ᠡ ᠬᠦᠭ᠍ᠵᠢᠯᠳ᠋ᠡ ᠶᠢᠨ ᠵᠠᠭᠪᠤᠷ ᠶᠢᠡᠷ ᠵᠠᠮᠨᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠮᠡᠷᠭᠡᠵᠢᠯ ᠤᠨ ᠠᠭᠤᠯᠤᠭᠳ᠋ᠠᠴᠠ ᠶᠢ ᠴᠢᠩᠭ᠋ᠠᠳᠬᠠᠨ᠂ ᠰᠢᠨᠵᠢᠯᠡᠬᠦ ᠮᠡᠷᠭᠡᠵᠢᠯ ᠤᠨ ᠪᠤᠯᠪᠠᠰᠤᠷᠠᠯ ᠢ ᠴᠢᠩᠭ᠋ᠠᠳᠬᠠᠬᠤ ᠪᠠᠷ ᠲᠠᠮᠵᠢᠨ᠂ ᠲᠤᠬᠠᠢ ᠶᠢᠨ ᠲᠠᠯᠠᠪᠤᠷ ᠲᠤᠨᠢ ᠲᠤᠭᠤᠷᠢᠨ ᠦᠵᠡᠬᠦ᠂ ᠬᠢᠴᠢᠶᠡᠯ ᠤᠨ ᠲᠠᠩᠭᠢᠮ ᠳᠤ ᠰᠤᠷᠤᠯᠴᠠᠬᠤ᠂ ᠲᠤᠰᠬᠠᠢ ᠮᠡᠷᠭᠡᠵᠢᠯᠳ᠋ᠡᠨ ᠤ ᠪᠤᠯᠪᠠᠰᠤᠷᠠᠯ ᠵᠡᠷᠭᠡ ᠠᠵᠢᠯᠯᠠᠭ᠎ᠠ ᠶᠢ ᠢᠯᠡᠭᠦᠬᠡᠨ ᠵᠤᠬᠢᠶᠠᠨ ᠪᠠᠢ᠌ᠭᠤᠯᠵᠤ ᠦᠷᠨᠢᠭᠦᠯᠦᠨ᠂ ᠲᠠᠷᠢᠵᠤ ᠲᠡᠵᠢᠭᠡᠬᠦ ᠡᠷᠦᠭᠡ ᠬᠡᠷᠡᠭᠯᠡᠭᠡᠨ ᠤ ᠮᠡᠷᠭᠡᠵᠢᠯ ᠢ ᠤᠯᠵᠤ ᠰᠤᠷᠤᠭᠰᠠᠨ ᠶᠢᠡᠷ ᠪᠠᠷᠠᠬᠤ ᠦᠭᠡᠶ ᠪᠠᠰᠠ ᠵᠠᠬ᠎ᠠ ᠲᠡᠯᠭᠡᠭᠦᠷ᠂ ᠬᠤᠳ᠋ᠠᠯᠳ᠋ᠤᠭ᠎ᠠ ᠡᠵᠡᠩᠨᠡᠯᠳ᠋ᠡ ᠶᠢᠨ ᠵᠢᠱᠢᠯᠳ᠋ᠡ ᠶᠢ ᠲᠡᠭᠡᠭ᠍ᠰᠢᠯᠡᠭᠦᠯᠵᠦ᠂ ᠬᠠᠩᠭ᠋ᠠᠯᠭ᠎ᠠ ᠬᠡᠷᠡᠭ᠍ᠴᠡᠭᠡᠨ ᠤ ᠬᠠᠷᠢᠴᠠᠭ᠎ᠠ ᠶᠢ ᠡᠵᠡᠮᠰᠢᠨ᠂ ᠬᠠᠷᠠᠯᠳ᠋ᠠ ᠵᠤᠷᠢᠯᠳ᠋ᠠ ᠲᠡᠶ ᠪᠠᠷ ᠦᠢᠯᠡᠳᠪᠦᠷᠢᠯᠡᠯ ᠶᠢᠡᠨ ᠦᠷᠭᠡᠳᠭᠡᠵᠦ᠂ ᠠᠮᠢ ᠠᠬᠤᠢ ᠶᠢ ᠤᠷᠢᠳ᠋ᠠᠪᠠᠷ ᠪᠤᠳ᠋ᠤᠯᠬᠢᠯᠡᠨ᠂ ᠪᠤᠬᠢᠷᠳ᠋ᠤᠯ ᠦᠬᠡᠢ ᠬᠦᠭ᠍ᠵᠢᠭᠦᠯᠬᠦ ᠪᠠᠷ ᠤᠳ᠋ᠤᠷᠢᠳ᠋ᠤᠮᠵᠢ ᠪᠤᠯᠭᠠᠵᠤ᠂ ᠲᠡᠵᠢᠭᠡᠪᠦᠷᠢ ᠶᠢᠨ ᠦᠢᠯᠡᠰ ᠤᠨ ᠬᠦᠭ᠍ᠵᠢᠯᠳ᠋ᠡ ᠶᠢ ᠰᠢᠯᠢᠳ᠋ᠡᠭ᠍ᠵᠢᠭᠦᠯᠦᠨ᠂ ᠨᠠᠷᠢᠯᠢᠭᠵᠢᠭᠤᠯᠤᠭᠰᠠᠨ ᠬᠠᠮᠢᠶᠠᠷᠤᠯᠳ᠋ᠠ ᠶᠢᠨ ᠵᠠᠭᠪᠤᠷ ᠶᠢᠡᠷ ᠵᠠᠮᠨᠠᠵᠤ᠂ ᠡᠬᠢ ᠪᠠᠶᠠᠯᠢᠭ ᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠪᠦᠳ᠋ᠦᠴᠡ ᠪᠠ ᠦᠢᠯᠡᠳᠪᠦᠷᠢᠯᠡᠯ ᠠᠮᠢᠳ᠋ᠤᠷᠠᠯ ᠤᠨ ᠠᠷᠭ᠎ᠠ ᠬᠡᠯᠪᠡᠷᠢ ᠶᠢ ᠲᠦ᠋ᠷᠭᠡᠨ ᠪᠦᠷᠢᠯᠳ᠋ᠦᠭᠦᠯᠬᠦ ᠬᠡᠷᠡᠭ᠍ᠳ᠋ᠠᠢ ᠭᠡᠵᠦ ᠱᠠᠭᠠᠷᠳ᠋ᠠᠪᠠ᠃

        ᠬᠤᠩᠬᠠᠳ᠋ᠤ ᠪᠠᠯᠭᠠᠰᠤᠨ ᠤ ᠨᠤᠤᠯᠤᠤᠷ ᠬᠤᠳ᠋ᠠᠯᠳ᠋ᠤᠨ ᠠᠪᠬᠤ ᠠᠵᠤ ᠠᠬᠤᠢ᠌ᠯᠠᠯ ᠳᠤ ᠬᠦᠷᠴᠦ ᠪᠦᠬᠦ ᠪᠠᠯᠭᠠᠰᠤᠨ ᠤ ᠨᠤᠤᠯᠤᠤᠷ ᠤᠨ ᠵᠠᠬ᠎ᠠ ᠲᠡᠯᠭᠡᠭᠦᠷ ᠤᠨ ᠡᠷᠭᠢᠯᠳ᠋ᠡ ᠶᠢᠨ ᠪᠠᠢ᠌ᠳ᠋ᠠᠯ ᠢ ᠪᠠᠢ᠌ᠴᠠᠭᠠᠨ ᠰᠤᠳ᠋ᠤᠯᠵᠤ ᠤᠢ᠌ᠯᠠᠭᠠᠭᠰᠠᠨ ᠤ ᠲᠠᠷᠠᠭ᠎ᠠ᠂ ᠡᠦ ᠴᠢᠩ ᠬᠠᠢ ᠡᠴᠡ ᠨᠤᠤᠯᠤᠤᠷ ᠤᠨ ᠵᠠᠬ᠎ᠠ ᠲᠡᠯᠭᠡᠭᠦᠷ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ᠂ ᠭᠦᠨᠵᠡᠭᠡᠢ ᠡᠳ᠋ᠰᠢᠭᠦᠯᠬᠦ ᠵᠢᠴᠢ ᠠᠵᠤ ᠦᠢᠯᠡᠰ ᠤᠨ ᠰᠢᠨ᠎ᠠ ᠤᠷᠤᠨ ᠵᠠᠢ ᠶᠢ ᠦᠷᠭᠡᠳᠭᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠵᠠᠷᠤᠳ ᠬᠤᠰᠢᠭᠤᠨ ᠳᠤ ᠢᠷᠡᠵᠦ ᠪᠠᠢ᠌ᠴᠠᠭᠠᠨ ᠰᠤᠳ᠋ᠤᠯᠪᠠ