ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠵᠠᠷᠤᠳ ᠬᠤᠰᠢᠭᠤᠨ ᠳᠤ ᠢᠷᠡᠵᠦ ᠪᠠᠢ᠌ᠴᠠᠭᠠᠨ ᠰᠤᠳ᠋ᠤᠯᠪᠠ
4 ᠰᠠᠷ᠎ᠠ ᠶᠢᠨ 13 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠱᠢ ᠡᠾᠸᠦ ᠴᠦ᠋ᠨ ᠨᠡᠷ ᠵᠠᠷᠤᠳ ᠬᠤᠰᠢᠭᠤᠨ ᠳᠤ ᠢᠷᠡᠵᠦ ᠪᠠᠢ᠌ᠴᠠᠭᠠᠨ ᠰᠤᠳ᠋ᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠵᠢᠴᠢ ᠬᠤᠳ᠋ᠠ ᠬᠤᠰᠢᠭᠤ ᠶᠢᠨ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠪᠠ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠡᠮᠦᠨ᠎ᠠ ᠪᠤᠯᠠᠭᠳ᠋ᠤ ᠮᠦ᠋ᠽᠸᠢ᠂ ᠵᠢᠷᠦᠬᠡ ᠪᠠᠯᠭᠠᠰᠤᠨ ᠤ ᠬᠤᠪᠢᠰᠬᠠᠯ ᠤᠨ ᠲᠡᠦᠬᠡ ᠶᠢᠨ ᠮᠦ᠋ᠽᠸᠢ᠂ ᠵᠠᠷᠤᠳ ᠬᠤᠰᠢᠭᠤᠨ ᠤ ᠪᠡᠭᠡᠵᠢᠩ ᠤᠨ ᠰᠡᠭᠡᠭᠡᠳ᠋ᠡᠨ ᠤ ᠲᠤᠷᠠᠰᠬᠠᠯ ᠤᠨ ᠤᠷᠳ᠋ᠤᠨ᠂ ᠵᠠᠷᠤᠳ ᠪᠠᠷ ᠵᠢᠷᠤᠭ ᠤᠨ ᠬᠦᠷᠢᠶᠡᠯᠡᠩ ᠳᠤ ᠬᠦᠷᠴᠦ᠂ ᠲᠡᠦᠬᠡ ᠶᠢᠨ ᠲᠤᠷᠠᠰᠬᠠᠯᠳ᠋ᠤ ᠵᠦ᠋ᠢᠯᠡᠰ ᠤᠨ ᠡᠷᠳ᠋ᠡᠨ ᠤ ᠦᠯᠡᠳ᠋ᠡᠭ᠍ᠳ᠋ᠡᠯ ᠢ ᠬᠠᠮᠠᠭᠠᠯᠠᠬᠤ᠂ ᠲᠡᠦᠬᠡ ᠰᠤᠶᠤᠯ ᠢ ᠤᠯᠠᠮᠵᠢᠯᠡᠨ ᠵᠠᠯᠭᠠᠮᠵᠢᠯᠠᠬᠤ᠂ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠦᠭ᠍ᠵᠢᠭᠦᠯᠬᠦ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠡᠬᠢᠵᠢᠭᠦᠯᠬᠦ ᠵᠡᠷᠭᠡ ᠠᠵᠢᠯ ᠢ ᠲᠤᠬᠠᠢ ᠶᠢᠨ ᠲᠠᠯᠠᠪᠤᠷ ᠲᠤᠨᠢ ᠲᠤᠭᠤᠷᠢᠨ ᠦᠵᠡᠵᠦ ᠪᠠᠢ᠌ᠴᠠᠭᠠᠨ ᠰᠤᠳ᠋ᠤᠯᠵᠤ ᠤᠢ᠌ᠯᠠᠭᠠᠪᠠ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠤᠳ᠋ᠤ ᠶᠢᠨ ᠰᠠᠭᠤᠷᠢᠨ ᠲᠡᠭᠡᠷ᠎ᠠ᠂ ᠲᠡᠦᠬᠡ ᠶᠢᠨ ᠲᠤᠷᠠᠰᠬᠠᠯᠳ᠋ᠤ ᠵᠦ᠋ᠢᠯᠡᠰ ᠢ ᠡᠯᠰᠡᠨ ᠴᠤᠭᠯᠠᠭᠤᠯᠬᠤ ᠠᠵᠢᠯ ᠢ ᠦᠷᠭᠡᠨ ᠲᠡᠯᠭᠡᠷ ᠦᠷᠨᠢᠭᠦᠯᠦᠨ᠂ ᠮᠦ᠋ᠽᠸᠢ ᠳᠤ ᠬᠠᠳ᠋ᠠᠭᠠᠯᠠᠵᠤ ᠪᠠᠢ᠌ᠭ᠎ᠠ ᠲᠡᠦᠬᠡ ᠶᠢᠨ ᠲᠤᠷᠠᠰᠬᠠᠯᠳ᠋ᠤ ᠵᠦ᠋ᠢᠯᠡᠰ ᠶᠢᠡᠨ ᠲᠠᠰᠤᠷᠠᠯᠳ᠋ᠠ ᠦᠭᠡᠶ ᠪᠠᠶᠠᠯᠢᠭᠵᠢᠭᠤᠯᠤᠨ ᠲᠡᠭᠦᠯᠳ᠋ᠡᠷᠵᠢᠭᠦᠯᠵᠦ᠂ ᠰᠤᠶᠤᠯ ᠤᠨ ᠦᠪ ᠤᠨ ᠲᠠᠪᠠᠭᠤᠯᠢᠭ ᠶᠢᠡᠨ ᠰᠠᠢ᠌ᠳ᠋ᠤᠷ ᠪᠠᠳ᠋ᠠᠷᠠᠭᠤᠯᠤᠨ᠂ ᠲᠡᠦᠬᠡ ᠶᠢᠨ ᠲᠤᠷᠠᠰᠬᠠᠯᠳ᠋ᠤ ᠵᠦ᠋ᠢᠯᠡᠰ ᠪᠠ ᠰᠤᠶᠤᠯ ᠤᠨ ᠡᠬᠢ ᠪᠠᠶᠠᠯᠢᠭ ᠢ ᠦᠷᠭᠦᠯᠵᠢᠯᠡᠨ ᠠᠭᠤᠳ᠋ᠠᠯᠵᠤ ᠰᠠᠢ᠌ᠳ᠋ᠤᠷ ᠠᠰᠢᠭᠯᠠᠵᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠤᠬᠠᠭᠤᠯᠭ᠎ᠠ ᠶᠢᠨ ᠬᠦᠮᠦᠵᠢᠯ ᠢ ᠭᠦᠨᠵᠡᠭᠡᠢ᠌ᠷᠡᠭᠦᠯᠦᠨ᠂ ᠡᠭᠦᠨ ᠳᠤ ᠠᠭᠤᠯᠤᠭᠳ᠋ᠠᠵᠤ ᠪᠠᠢ᠌ᠭ᠎ᠠ ᠦᠨᠳ᠋ᠦᠰᠦᠳ᠋ᠡᠨ ᠨᠦ᠋ᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠡᠯ ᠤᠨ ᠲᠡᠦᠬᠡᠨ ᠠᠭᠤᠯᠤᠭᠳ᠋ᠠᠬᠤᠨ ᠢ ᠭᠦᠨᠵᠡᠭᠡᠢ ᠲᠤᠳ᠋ᠤᠷᠬᠠᠢ᠌ᠯᠠᠨ ᠦᠭᠦᠯᠡᠵᠦ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳ᠋ᠡ ᠦᠭᠡᠶ ᠪᠡᠬᠢᠵᠢᠭᠦᠯᠬᠦ ᠶᠢᠨ ᠬᠠᠮᠳ᠋ᠤ ᠡᠯ᠎ᠠ ᠦᠨᠳ᠋ᠦᠰᠦᠳ᠋ᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠡᠯ ᠢ ᠠᠬᠢᠭᠤᠯᠬᠤ ᠨᠡᠢ᠌ᠭᠡᠮ ᠤᠨ ᠲᠤᠭᠳ᠋ᠠᠴᠡ ᠪᠠ ᠲᠦ᠋ᠷᠦ ᠶᠢᠨ ᠪᠤᠳ᠋ᠤᠯᠭ᠎ᠠ ᠶᠢᠨ ᠠᠷᠭ᠎ᠠ ᠠᠪᠴᠡᠯ ᠢ ᠲᠡᠭᠦᠯᠳ᠋ᠡᠷᠵᠢᠭᠦᠯᠦᠨ᠂ ᠤᠯᠤᠰ ᠤᠨ ᠲᠡᠰ ᠤᠨ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠵᠢᠱᠢᠶ᠎ᠠ ᠦᠵᠡᠭᠦᠯᠬᠦ ᠬᠤᠰᠢᠭᠤ ᠶᠢ ᠡᠭᠦᠳ᠋ᠦᠨ ᠪᠠᠢ᠌ᠭᠤᠯᠵᠤ᠂ ᠪᠤᠳ᠋ᠠᠳ᠋ᠤ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠶ᠎ᠠ ᠭᠡᠵᠦ ᠵᠢᠭᠠᠵᠤ ᠭᠠᠷᠭᠠᠪᠠ᠃ (ᠨᠠᠢ᠌ᠷᠠᠭᠤᠯᠤᠭᠴᠢ᠄ ᠯᠸᠢ ᠫᠠᠩ)