ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠠᠷᠠᠳ ᠤᠨ ᠤᠯᠤᠰ ᠤᠨ ᠠᠮᠤᠷ ᠲᠦ᠋ᠪᠰᠢᠨ ᠤ ᠬᠦᠮᠦᠵᠢᠯ ᠤᠨ ᠡᠳ᠋ᠦᠷ ᠤᠨ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠰᠢᠷᠢᠰ ᠠᠵᠢᠯᠯᠠᠭ᠎ᠠ ᠦᠷᠨᠢᠭᠦᠯᠪᠡ
ᠰᠢ ᠵᠢᠨ ᠫᠢᠩ ᠤᠨ ᠬᠠᠦᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠺᠠᠳ᠋ᠷᠴᠤᠳ ᠤᠨ ᠤᠯᠤᠰ ᠤᠨ ᠠᠮᠤᠷ ᠲᠦ᠋ᠪᠰᠢᠨ ᠤ ᠬᠠᠦᠯᠢ ᠪᠠᠷ ᠵᠠᠰᠠᠬᠤ ᠤᠬᠠᠮᠰᠡᠷ ᠢ ᠴᠢᠩᠭ᠋ᠠᠳᠬᠠᠬᠤ ᠶᠢᠨ ᠲᠦ᠋ᠯᠦᠭᠡ᠂ 4 ᠰᠠᠷ᠎ᠠ ᠶᠢᠨ 15 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠪᠠᠢ᠌ᠭᠤᠯᠭ᠎ᠠ 《ᠤᠯᠤᠰ ᠤᠨ ᠶᠡᠷᠦᠩᠬᠡᠢ ᠠᠮᠤᠷ ᠲᠦ᠋ᠪᠰᠢᠨ ᠤ ᠦᠵᠡᠯᠳ᠋ᠡ ᠶᠢ ᠪᠡᠬᠢᠵᠢᠭᠦᠯᠦᠨ᠂ ᠰᠢᠨ᠎ᠠ ᠴᠠᠭ ᠦᠶ᠎ᠠ ᠶᠢᠨ ᠤᠯᠤᠰ ᠤᠨ ᠠᠮᠤᠷ ᠲᠦ᠋ᠪᠰᠢᠨ ᠤ ᠠᠮᠵᠢᠯᠳ᠋ᠡ ᠪᠦᠳ᠋ᠦᠮᠵᠢ ᠶᠢ ᠤᠢ᠌ᠯᠠᠭᠠᠵᠤ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠬᠤ ᠳᠤ ᠰᠠᠢ᠌ᠨ ᠰᠠᠢ᠌ᠨ ᠠᠭᠤᠷ ᠠᠮᠢᠰᠬᠤᠯ ᠢ ᠪᠤᠢ ᠪᠤᠯᠭᠠᠬᠤ》 ᠪᠠᠷ ᠭᠤᠤᠯ ᠰᠡᠳ᠋ᠦᠪ ᠪᠤᠯᠭᠠᠵᠤ᠂ ᠤᠯᠠᠨ ᠲᠡᠰ ᠲᠠᠪᠬᠤᠷᠭ᠎ᠠ᠂ ᠤᠯᠠᠨ ᠬᠡᠯᠪᠡᠷᠢ᠂ ᠪᠦᠬᠦ ᠲᠠᠯ᠎ᠠ ᠶᠢᠨ ᠪᠦᠬᠦ ᠠᠷᠠᠳ ᠤᠨ ᠤᠯᠤᠰ ᠤᠨ ᠠᠮᠤᠷ ᠲᠦ᠋ᠪᠰᠢᠨ ᠤ ᠬᠦᠮᠦᠵᠢᠯ ᠤᠨ ᠡᠳ᠋ᠦᠷ ᠤᠨ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃

ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠭᠠᠵᠠᠷ ᠤᠨ ᠲᠡᠰ ᠤᠨ ᠤᠳ᠋ᠤᠷᠢᠳ᠋ᠤᠯᠭ᠎ᠠ᠂ ᠪᠠᠯᠭᠠᠰᠤᠨ ᠳᠤ ᠰᠠᠭᠤᠭ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠨ ᠪᠠ ᠪᠠᠢ᠌ᠭᠤᠯᠭ᠎ᠠ ᠶᠢᠨ ᠲᠡᠳ᠋ ᠰᠠᠯᠠᠭᠠᠨ ᠲᠡᠰ ᠡᠴᠡ ᠲᠡᠭᠡᠭ᠍ᠰᠢᠬᠢ ᠺᠠᠳ᠋ᠷᠴᠤᠳ ᠢ ᠵᠤᠬᠢᠶᠠᠨ ᠪᠠᠢ᠌ᠭᠤᠯᠵᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠭᠤᠯᠤᠨ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠪᠠᠢ᠌ᠴᠠᠭᠠᠬᠤ ᠵᠦ᠋ᠪᠯᠡᠯ ᠤᠨ ᠲᠤᠰᠬᠠᠢ ᠲᠤᠰᠢᠶᠠᠯᠳ᠋ᠠᠨ ᠯᠢᠦᠢ ᠷᠠᠨ ᠢ ᠤᠷᠢᠵᠤ ᠤᠯᠠᠨ ᠳᠤ 《ᠪᠦᠭᠦᠳ᠋ᠠ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠦ ᠶᠢᠨ ᠬᠠᠦᠯᠢ》 ᠶᠢᠨ ᠲᠠᠢ᠌ᠯᠤᠮᠵᠢ ᠬᠢᠪᠠ᠃
ᠬᠤᠷᠠᠯ ᠲᠡᠭᠡᠷ᠎ᠠ᠂ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠪᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨᠳ᠋ᠦᠰᠦᠨ ᠬᠠᠦᠯᠢ ᠪᠠ ᠬᠠᠦᠯᠢ ᠴᠠᠭᠠᠵᠠ ᠶᠢ ᠰᠤᠷᠤᠯᠴᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠨᠳ᠋ᠦᠰᠦᠨ ᠴᠢᠳ᠋ᠠᠪᠤᠷᠢ ᠪᠠ ᠵᠠᠪᠠᠯ ᠰᠤᠷᠤᠯᠴᠠᠬᠤ ᠬᠢᠴᠢᠶᠡᠯ ᠪᠤᠯᠭᠠᠵᠤ᠂ ᠦᠨᠳ᠋ᠦᠰᠦᠨ ᠬᠠᠦᠯᠢ ᠶᠢ ᠨᠠᠷᠢᠨ ᠬᠢᠨᠠᠮᠠᠭᠠᠢ ᠰᠤᠷᠤᠯᠴᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠬᠠᠢ᠌ᠯᠠᠭᠰᠠᠨ ᠠᠵᠢᠯ ᠤᠨ ᠬᠠᠮᠢᠶ᠎ᠠ ᠪᠦᠬᠦᠢ ᠬᠠᠦᠯᠢ ᠲᠦ᠋ᠷᠢᠮ ᠤᠨ ᠭᠤᠤᠯ ᠠᠭᠤᠯᠭ᠎ᠠ ᠪᠠ ᠵᠤᠷᠢᠭ ᠰᠠᠨᠠᠭ᠎ᠠ ᠶᠢᠨ ᠮᠦ᠋ᠨ ᠴᠢᠨᠠᠷ ᠢ ᠪᠦᠬᠦ ᠲᠠᠯ᠎ᠠ ᠪᠠᠷ ᠤᠨᠤᠪᠴᠢᠳ᠋ᠠᠢ ᠰᠤᠷᠤᠯᠴᠠᠬᠤ ᠶᠢ ᠪᠠᠷᠢᠮᠳ᠋ᠠᠯᠠᠵᠤ᠂ ᠪᠦᠬᠦ ᠬᠤᠰᠢᠭᠤᠨ ᠤ ᠬᠦᠭ᠍ᠵᠢᠯᠳ᠋ᠡ ᠶᠢᠨ ᠶᠡᠬᠡ ᠲᠠᠯ᠎ᠠ ᠳᠤ ᠰᠠᠭᠤᠷᠢᠯᠡᠨ᠂ ᠤᠢ᠌ᠯᠠᠭᠠᠭᠳ᠋ᠠᠬᠤᠨ ᠰᠡᠳᠭᠢᠴᠡ ᠪᠠᠨ ᠰᠠᠨᠠᠭᠠᠴᠢᠯᠭ᠎ᠠ ᠡᠴᠡ ᠪᠠᠨ ᠬᠤᠪᠢᠷᠠᠭᠤᠯᠵᠤ᠂ ᠦᠨᠳ᠋ᠦᠰᠦᠨ ᠬᠠᠦᠯᠢ ᠪᠠ ᠬᠠᠦᠯᠢ ᠴᠠᠭᠠᠵᠠ ᠡᠴᠡ ᠤᠯᠭᠤᠭᠰᠠᠨ ᠡᠯ᠎ᠠ ᠲᠦ᠋ᠷᠦᠯ ᠤᠨ ᠡᠷᠬᠡ ᠲᠤᠰᠢᠶᠠᠯ ᠶᠢᠡᠨ ᠬᠠᠦᠯᠢ ᠶᠤᠰᠤᠭᠠᠷ ᠬᠡᠷᠡᠭ᠍ᠵᠢᠭᠦᠯᠬᠦ ᠬᠡᠷᠡᠭ᠍ᠳ᠋ᠠᠢ ᠭᠡᠵᠦ ᠱᠠᠭᠠᠷᠳ᠋ᠠᠪᠠ᠃
ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠡᠭᠦᠳ᠋ᠡᠨ ᠰᠦ᠋ᠯᠵᠢᠶ᠎ᠠ ᠪᠠᠨ ᠭᠦᠢᠴᠡᠳ ᠠᠰᠢᠭᠯᠠᠨ᠂ 《ᠤᠯᠤᠰ ᠤᠨ ᠠᠮᠤᠷ ᠲᠦ᠋ᠪᠰᠢᠨ ᠤ ᠬᠠᠦᠯᠢ》 《ᠲᠠᠩᠨᠠᠭᠤᠯ ᠢ ᠡᠰᠡᠷᠭᠦᠴᠡᠬᠦ ᠬᠠᠦᠯᠢ》 《ᠤᠯᠤᠰ ᠤᠨ ᠴᠢᠮᠡᠭᠡ ᠮᠡᠳ᠋ᠡᠭᠡ ᠶᠢᠨ ᠬᠠᠦᠯᠢ》 《ᠤᠯᠤᠰ ᠤᠷᠤᠨ ᠢ ᠬᠠᠭᠠᠴᠠᠭᠤᠯᠬᠤ ᠶᠢ ᠡᠰᠡᠷᠭᠦᠴᠡᠬᠦ ᠬᠠᠦᠯᠢ》 ᠵᠡᠷᠭᠡ ᠠᠯᠢ ᠤᠯᠠᠨ ᠬᠠᠦᠯᠢ ᠴᠠᠭᠠᠵᠠ ᠬᠠᠦᠯᠢ ᠲᠤᠭᠳ᠋ᠠᠭᠠᠯ ᠢ ᠨᠠᠢ᠌ᠳ᠋ᠡᠯᠡᠵᠦ᠂ ᠰᠦ᠋ᠯᠵᠢᠶᠡᠨ ᠤ ᠲᠦ᠋ᠷᠦᠭᠦᠦ ᠨᠢᠭᠤᠷ ᠲᠤ 《ᠤᠯᠤᠰ ᠤᠨ ᠠᠰᠢᠭ ᠲᠤᠰᠠ ᠠᠯᠢᠪᠠ ᠡᠴᠡ ᠡᠷᠬᠢᠮ》᠂ 《4 ᠰᠠᠷ᠎ᠠ ᠶᠢᠨ 15 ᠤ ᠡᠳ᠋ᠦᠷ ᠪᠤᠯ ᠪᠦᠬᠦ ᠠᠷᠠᠳ ᠤᠨ ᠤᠯᠤᠰ ᠤᠨ ᠠᠮᠤᠷ ᠲᠦ᠋ᠪᠰᠢᠨ ᠤ ᠬᠦᠮᠦᠵᠢᠯ ᠤᠨ ᠡᠳ᠋ᠦᠷ》 ᠵᠡᠷᠭᠡ ᠤᠬᠠᠭᠤᠯᠭ᠎ᠠ ᠶᠢᠨ ᠬᠡᠷᠡᠯ ᠵᠢᠷᠤᠭ ᠢ ᠨᠡᠢ᠌ᠳ᠋ᠡᠯᠡᠭ᠍ᠰᠡᠨ ᠪᠦᠭᠡᠳ ᠰᠦ᠋ᠯᠵᠢᠶᠡᠨ ᠤ ᠰᠢᠭᠦᠮᠵᠢ ᠶᠢᠨ ᠵᠤᠬᠢᠶᠠᠯ ᠪᠢᠴᠢᠵᠦ᠂ ᠤᠯᠤᠰ ᠤᠨ ᠠᠮᠤᠷ ᠲᠦ᠋ᠪᠰᠢᠨ ᠤ ᠬᠦᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃ (ᠨᠠᠢ᠌ᠷᠠᠭᠤᠯᠤᠭᠴᠢ᠄ ᠯᠸᠢ ᠫᠠᠩ)