ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ

       
        4 ᠰᠠᠷ᠎ᠠ ᠶᠢᠨ 15 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠪᠤᠯᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠳ᠋ᠠᠵᠤ᠂ ᠪᠠᠯᠭᠠᠰᠤᠨ ᠳᠤ ᠰᠠᠭᠤᠭ᠎ᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠨ ᠪᠠ ᠪᠠᠢ᠌ᠭᠤᠯᠭ᠎ᠠ ᠶᠢᠨ ᠲᠡᠳ᠋ ᠰᠠᠯᠠᠭᠠᠨ ᠲᠡᠰ ᠡᠴᠡ ᠲᠡᠭᠡᠭ᠍ᠰᠢᠬᠢ ᠺᠠᠳ᠋ᠷᠴᠤᠳ ᠬᠤᠷᠠᠯ ᠳᠤ ᠤᠷᠤᠯᠴᠠᠪᠠ᠃ ᠬᠤᠷᠠᠯ ᠢ ᠡᠦ ᠴᠢᠩ ᠬᠠᠢ ᠡᠷᠬᠢᠯᠡᠪᠡ᠃

        


    
         ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠪᠠᠢ᠌ᠴᠠᠭᠠᠬᠤ ᠵᠦ᠋ᠪᠯᠡᠯ ᠤᠨ ᠲᠤᠰᠬᠠᠢ ᠲᠤᠰᠢᠶᠠᠯᠳ᠋ᠠᠨ ᠯᠢᠦᠢ ᠷᠠᠨ 《ᠬᠠᠦᠯᠢ ᠵᠠᠰᠠᠯᠳ᠋ᠠ ᠬᠦᠮᠦᠨ ᠤ ᠠᠮᠢᠳ᠋ᠤᠷᠠᠯ ᠤᠨ ᠵᠠᠮ ᠢ ᠭᠡᠷᠡᠯᠳ᠋ᠦᠭᠦᠯᠬᠦ》 ᠭᠡᠬᠦ ᠭᠤᠤᠯ ᠰᠡᠳ᠋ᠦᠪ ᠶᠢᠡᠷ ᠲᠠᠢ᠌ᠯᠤᠮᠵᠢ ᠬᠢᠪᠡ᠃

         
          ᠲᠤᠰᠬᠠᠢ ᠰᠡᠳ᠋ᠦᠪᠳ᠋ᠦ ᠲᠠᠢ᠌ᠯᠤᠮᠵᠢ ᠲᠠᠭᠤᠰᠤᠭᠰᠠᠨ ᠤ ᠲᠠᠷᠠᠭ᠎ᠠ᠂ ᠡᠦ ᠴᠢᠩ ᠬᠠᠢ ᠡᠴᠡ ᠱᠢ ᠲᠡᠶ ᠹᠸᠩ ᠱᠦ᠋ᠵᠢ ᠶᠢᠨ ᠪᠦᠬᠦ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ᠃ ᠡᠦ ᠴᠢᠩ ᠬᠠᠢ ᠡᠴᠡ᠂ ᠲᠦ᠋ᠪ ᠤᠨ ᠪᠠ ᠪᠦᠬᠦ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠲᠡᠭᠡᠷᠡᠬᠢ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠪᠦᠬᠦ ᠶᠠᠪᠤᠴᠠ ᠳ᠋ᠡᠬᠢ ᠠᠷᠠᠳ ᠤᠨ ᠠᠷᠠᠳᠴᠢᠯᠠᠯ ᠤᠨ ᠤᠢ᠌ᠯᠠᠭᠠᠭᠳ᠋ᠠᠬᠤᠨ᠂ ᠵᠠᠷᠴᠢᠮ ᠪᠠ ᠱᠠᠭᠠᠷᠳ᠋ᠠᠯᠭ᠎ᠠ ᠶᠢ ᠭᠦᠨᠵᠡᠭᠡᠢ ᠤᠢ᠌ᠯᠠᠭᠠᠵᠤ ᠤᠨᠤᠪᠴᠢᠳ᠋ᠠᠢ ᠡᠵᠡᠮᠰᠢᠨ᠂ ᠪᠦᠬᠦ ᠶᠠᠪᠤᠴᠠ ᠳ᠋ᠡᠬᠢ ᠠᠷᠠᠳ ᠤᠨ ᠠᠷᠠᠳᠴᠢᠯᠠᠯ ᠢ ᠭᠦᠨᠵᠡᠭᠡᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠶᠢ ᠴᠢᠬᠤᠯᠠ ᠠᠵᠢᠯ ᠤᠨ ᠡᠭᠦᠷᠭᠡ ᠪᠤᠯᠭᠠᠵᠤ᠂ ᠡᠩ ᠤᠨ ᠤᠯᠠᠨ ᠲᠦ᠋ᠮᠡᠨ ᠬᠤᠷᠠᠯ ᠳᠤ ᠰᠤᠯᠠ ᠤᠷᠤᠯᠴᠠᠬᠤ ᠵᠢᠴᠢ ᠪᠠᠢ᠌ᠴᠠᠭᠠᠨ ᠦᠵᠡᠵᠦ ᠰᠤᠳ᠋ᠤᠯᠬᠤ᠂ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠳᠤ ᠤᠷᠤᠯᠴᠠᠬᠤ ᠵᠡᠷᠭᠡ ᠠᠵᠢᠯ ᠤᠨ ᠲᠤᠭᠳ᠋ᠠᠴᠠ ᠶᠢ ᠰᠦ᠋ᠪᠡᠭ᠍ᠴᠢᠯᠡᠨ᠂ ᠠᠷᠠᠳ ᠤᠯᠠᠨ ᠤ ᠮᠡᠳ᠋ᠡᠬᠦ ᠡᠷᠭᠡ᠂ ᠤᠷᠤᠯᠴᠠᠬᠤ ᠡᠷᠬᠡ᠂ ᠢᠯᠡᠳᠭᠡᠬᠦ ᠡᠷᠭᠡ ᠪᠠ ᠬᠢᠨᠠᠯᠳ᠋ᠠ ᠲᠠᠯᠪᠢᠬᠤ ᠡᠷᠭᠡ ᠶᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠡᠯ᠎ᠠ ᠲᠠᠯ᠎ᠠ ᠶᠢᠨ ᠭᠤᠭᠴᠤᠭ᠎ᠠ ᠶᠢᠨ ᠪᠦᠬᠦ ᠶᠠᠪᠤᠴᠠ ᠳᠤ ᠨᠠᠢ᠌ᠳ᠋ᠠᠪᠤᠷᠢᠵᠢᠭᠤᠯᠬᠤ ᠪᠠᠷ ᠴᠢᠷᠮᠠᠢ᠌ᠵᠤ᠂ ᠪᠠᠢ᠌ᠩᠭ᠋ᠤ ᠶᠢᠨ ᠬᠤᠷᠢᠶᠠᠨ ᠤ ᠭᠡᠰᠢᠭᠦᠨ ᠨᠡᠷ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠡᠨ᠂ ᠠᠷᠠᠳ ᠤᠨ ᠲᠦ᠋ᠯᠦᠭᠡᠯᠡᠭ᠍ᠴᠢᠳ ᠰᠤᠩᠭ᠋ᠤᠭᠤᠯᠢ ᠶᠢᠨ ᠠᠷᠠᠳ ᠲᠡᠶ ᠬᠠᠷᠢᠯᠴᠠᠬᠤ ᠲᠦ᠋ᠷᠢᠮ ᠢ ᠯᠠᠪᠳ᠋ᠠᠭᠤᠨ ᠪᠠᠳ᠋ᠤᠳ᠋ᠠᠢ ᠠᠬᠢᠭᠤᠯᠵᠤ᠂ 《ᠬᠤᠤᠰ ᠬᠤᠯᠪᠤᠭᠠᠯᠠᠯ》 ᠤᠨ ᠠᠵᠢᠯ ᠤᠨ ᠪᠠᠢ᠌ᠩᠭ᠋ᠤᠵᠢᠭᠤᠯᠬᠤ ᠶᠢ ᠲᠦ᠋ᠯᠬᠢᠨ ᠠᠬᠢᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠠᠵᠢᠯ ᠢ ᠦᠷᠭᠦᠯᠵᠢᠯᠡᠨ ᠴᠢᠩᠭ᠋ᠠᠳᠬᠠᠨ ᠰᠠᠢ᠌ᠵᠢᠷᠠᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠬᠠᠦᠯᠢ ᠶᠤᠰᠤᠭᠠᠷ ᠲᠤᠰᠢᠶᠠᠯ ᠶᠢᠡᠨ ᠭᠦᠢᠴᠡᠳᠭᠡᠬᠦ ᠶᠢ ᠨᠡᠩ ᠰᠠᠢ᠌ᠳ᠋ᠤᠷ ᠲᠡᠮᠵᠢᠨ ᠪᠠᠳ᠋ᠤᠯᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠢ᠌ᠳᠪᠦᠷᠢᠳ᠋ᠦ ᠪᠤᠳ᠋ᠤᠯᠭ᠎ᠠ ᠲᠤᠭᠳ᠋ᠠᠭᠠᠬᠤ᠂ ᠬᠡᠷᠡᠭ᠍ᠵᠢᠭᠦᠯᠬᠦ᠂ ᠬᠢᠨᠠᠯᠳ᠋ᠠ ᠲᠠᠯᠪᠢᠬᠤ᠂ ᠨᠠᠢ᠌ᠳ᠋ᠠᠪᠤᠷᠢᠵᠢᠭᠤᠯᠬᠤ ᠵᠡᠷᠭᠡ ᠡᠯ᠎ᠠ ᠭᠤᠭᠴᠤᠭ᠎ᠠ ᠲᠡᠭᠡᠷ᠎ᠠ ᠴᠦ᠋ᠮ ᠤᠯᠠᠨ ᠲᠦ᠋ᠮᠡᠨ ᠤ ᠲᠠᠭᠤ ᠶᠢ ᠰᠤᠨᠤᠰᠬᠤ ᠶᠢ ᠦᠨᠡᠨᠬᠦ ᠪᠠᠳ᠋ᠤᠯᠠᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠠᠷᠠᠳ ᠤᠨ ᠤᠯᠤᠰ ᠤᠨ ᠠᠮᠤᠷ ᠲᠦ᠋ᠪᠰᠢᠨ ᠤ ᠬᠦᠮᠦᠵᠢᠯ ᠤᠨ ᠡᠳ᠋ᠦᠷ ᠤᠨ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠰᠢᠷᠢᠰ ᠠᠵᠢᠯᠯᠠᠭ᠎ᠠ ᠦᠷᠨᠢᠭᠦᠯᠪᠡ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠮᠤᠳ᠋ᠤ ᠲᠠᠷᠢᠬᠤ ᠠᠵᠢᠯᠯᠠᠭ᠎ᠠ ᠦᠷᠨᠢᠭᠦᠯᠪᠡ