ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠷᠴᠢᠨ ᠲᠤᠭᠤᠷᠢᠨ ᠢ ᠴᠡᠭ᠍ᠴᠡᠯᠡᠨ ᠰᠠᠢ᠌ᠵᠢᠷᠠᠭᠤᠯᠬᠤ ᠠᠵᠢᠯᠯᠠᠭ᠎ᠠ ᠦᠷᠨᠢᠭᠦᠯᠬᠦ ᠳᠤ ᠬᠦᠴᠦᠨ ᠨᠡᠮᠡᠷᠢᠯᠡᠵᠦ ᠪᠠᠢ᠌ᠨ᠎ᠠ


ᠠᠷᠢᠭᠤᠨ ᠴᠡᠪᠡᠷ ᠲᠠᠭᠠᠯᠠᠮᠵᠢᠳ᠋ᠠᠢ ᠠᠮᠢᠳ᠋ᠤᠷᠠᠯ ᠤᠨ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠦ᠋ᠯᠦᠭᠡ᠂ ᠤᠢ᠌ᠷ᠎ᠠ ᠶᠢᠨ ᠡᠳ᠋ᠦᠷ᠂ ᠯᠦ᠋ᠪᠸᠢ ᠪᠠᠯᠭᠠᠰᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠰᠠᠢ᠌ᠵᠢᠷᠠᠭᠤᠯᠬᠤ ᠠᠵᠢᠯᠯᠠᠭ᠎ᠠ ᠦᠷᠨᠢᠭᠦᠯᠦᠨ᠂ ᠡᠯ᠎ᠠ ᠭᠠᠴᠠᠭ᠎ᠠ ᠲᠤᠰᠬᠤᠨ ᠲᠠᠷᠦᠢ ᠲᠦ᠋ᠷᠭᠡᠨ ᠬᠦᠳ᠋ᠡᠯᠦᠯᠴᠡᠵᠦ᠂ ᠠᠷᠠᠳ ᠤᠨ ᠲᠦ᠋ᠯᠦᠭᠡᠯᠡᠭ᠍ᠴᠢᠳ ᠢᠳ᠋ᠡᠪᠬᠢᠳ᠋ᠠᠢ ᠤᠷᠤᠯᠴᠡᠨ᠂ ᠲᠦ᠋ᠷᠦᠭᠦᠯᠡᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠵᠦ᠂ ᠦᠵᠡᠰᠭᠦᠯᠡᠩᠳ᠋ᠦ ᠰᠠᠢ᠌ᠬᠠᠨ ᠬᠦᠳ᠋ᠡᠭᠡ ᠲᠤᠰᠬᠤᠨ ᠢ ᠪᠦᠳ᠋ᠦᠭᠡᠨ ᠪᠠᠢ᠌ᠭᠤᠯᠬᠤ ᠳᠤ ᠬᠦᠴᠦᠨ ᠨᠡᠮᠡᠷᠢᠯᠡᠵᠦ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)