ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠢ ᠪᠠᠢ᠌ᠴᠠᠭᠠᠪᠠ

4 ᠰᠠᠷ᠎ᠠ ᠶᠢᠨ 21 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠪᠠᠢ᠌ᠴᠠᠭᠠᠯᠳ᠋ᠠ ᠳᠤ ᠤᠷᠤᠯᠴᠠᠪᠠ᠃ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ ᠪᠠᠷ᠎ᠠ ᠪᠤᠯᠪᠠ᠃
ᠪᠠᠢ᠌ᠴᠠᠭᠠᠬᠤ ᠲᠤᠭᠤᠢ᠌ᠯᠠᠩ ᠤᠨ ᠬᠢᠨ ᠦᠯᠵᠡᠢ᠌ᠮᠦ᠋ᠷᠡᠨ ᠰᠢᠬᠦᠬᠦ ᠲᠢᠩᠭᠢᠮ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠲᠦ᠋ᠪ᠂ ᠰᠢᠭᠦᠨ ᠲᠠᠰᠤᠯᠬᠤ ᠲᠢᠩᠭᠢᠮ᠂ ᠰᠦ᠋ᠯᠵᠢᠶᠡᠨ ᠲᠡᠭᠡᠷᠡᠬᠢ ᠡᠶᠡᠳ᠋ᠡᠭᠦᠯᠬᠦ ᠲᠠᠰᠤᠭ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠵᠦ᠂ ᠰᠢᠭᠦᠬᠦ ᠬᠤᠷᠢᠶᠠᠨ ᠤ ᠰᠠᠭᠤᠷᠢ ᠲᠦ᠋ᠭᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ᠂ ᠤᠶᠤᠨᠳ᠋ᠤ ᠰᠢᠭᠦᠬᠦ ᠬᠤᠷᠢᠶᠠᠨ ᠤ ᠪᠠᠢ᠌ᠭᠤᠯᠤᠯᠳ᠋ᠠ᠂ ᠰᠦ᠋ᠯᠵᠢᠶᠡᠨ ᠲᠡᠭᠡᠷ᠎ᠠ ᠬᠡᠷᠡᠭ᠌ ᠪᠤᠯᠭᠠᠨ ᠲᠠᠩᠰᠠᠯᠠᠬᠤ᠂ ᠵᠠᠭᠤᠷᠠᠯᠳ᠋ᠤᠭᠠᠨ ᠢ ᠤᠯᠠᠨ ᠡᠰᠢᠴᠢᠯᠡᠨ ᠰᠢ᠌ᠳᠪᠦᠷᠢᠯᠡᠬᠦ᠂ ᠭᠦᠢᠴᠡᠳᠭᠡᠬᠦ ᠳᠤ ᠬᠦᠴᠢᠷ ᠠᠰᠠᠭᠤᠳ᠋ᠠᠯ ᠢ ᠰᠢ᠌ᠳᠪᠦᠷᠢᠯᠡᠬᠦ ᠵᠡᠷᠭᠡ ᠪᠤᠳ᠋ᠠᠳ᠋ᠠᠢ ᠠᠵᠢᠯ ᠤᠨ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ ᠤᠨ ᠬᠢᠭ᠍ᠰᠡᠨ ᠠᠵᠢᠯ ᠤᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠤᠳ᠋ᠤᠷᠢᠳᠬᠤ ᠪᠠᠭ ᠤᠨ ᠭᠡᠰᠢᠭᠦᠨ ᠪᠤᠯᠤᠨ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠲᠡᠶ ᠰᠤᠯᠢᠯᠴᠡᠨ ᠶᠠᠷᠢᠯᠴᠠᠪᠠ᠃
ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠡᠯ᠎ᠠ ᠲᠦ᠋ᠷᠦᠯ ᠤᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠦ᠋ᠯᠦᠭᠡ᠂ ᠡᠦ ᠴᠢᠩ ᠬᠠᠢ ᠡᠴᠡ᠂ ᠰᠢᠭᠦᠨ ᠲᠠᠰᠤᠯᠬᠤ ᠦᠷ᠎ᠠ ᠪᠦᠳ᠋ᠦᠮᠵᠢ ᠶᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠬᠡᠷᠡᠭ᠌ ᠲᠠᠩᠰᠠᠯᠠᠬᠤ᠂ ᠡᠶᠡᠳ᠋ᠡᠭᠦᠯᠬᠦ᠂ ᠰᠢᠭᠦᠨ ᠲᠠᠰᠤᠯᠬᠤ᠂ ᠭᠦᠢᠴᠡᠳᠭᠡᠬᠦ ᠡᠯ᠎ᠠ ᠭᠤᠭᠴᠤᠭ᠎ᠠ ᠶᠢᠨ ᠠᠵᠢᠯ ᠢ ᠲᠦ᠋ᠷᠢᠮᠵᠢᠭᠦᠯᠦᠨ ᠲᠡᠭᠦᠯᠳ᠋ᠡᠷᠵᠢᠭᠦᠯᠵᠦ᠂ ᠲᠦ᠋ᠪ ᠭᠤᠤᠯᠴᠢ ᠪᠠᠷ ᠬᠠᠦᠯᠢ ᠪᠠᠷᠢᠬᠤ ᠶᠢ ᠬᠠᠮᠠᠭᠠᠯᠠᠨ᠂ ᠨᠡᠢ᠌ᠭᠡᠮ ᠤᠨ ᠢᠳ᠋ᠡᠭᠡᠭᠦᠯᠬᠦ ᠬᠦᠴᠦᠨ ᠢ ᠲᠡᠭᠡᠭ᠍ᠰᠢᠯᠡᠭᠦᠯᠬᠦ ᠬᠡᠷᠡᠭ᠍ᠳ᠋ᠠᠢ᠃ ᠠᠷᠠᠳ ᠲᠤ ᠲᠦ᠋ᠭᠦᠮ ᠦᠵᠡᠭᠦᠯᠵᠦ ᠠᠰᠢᠭ ᠬᠦᠷᠳ᠋ᠡᠭᠡᠬᠦ ᠠᠷᠭ᠎ᠠ ᠠᠪᠴᠠᠯ ᠢ ᠡᠭᠦᠳ᠋ᠦᠨ᠂ ᠨᠡᠢ᠌ᠭᠡᠮ ᠤᠨ ᠠᠩᠬᠠᠷᠤᠮᠵᠢ ᠦᠨᠳ᠋ᠦᠷ᠂ ᠤᠯᠠᠨ ᠲᠦ᠋ᠮᠡᠨ ᠤ ᠪᠠᠴᠢᠮ ᠲᠤᠯᠭᠠᠮ᠎ᠠ ᠬᠦᠴᠢᠷ ᠠᠰᠠᠭᠤᠳ᠋ᠠᠯ ᠢ ᠴᠢᠷᠮᠠᠢ᠌ᠨ ᠰᠢ᠌ᠳᠪᠦᠷᠢᠯᠡᠬᠦ ᠬᠡᠷᠡᠭ᠍ᠳ᠋ᠠᠢ᠃ ᠬᠠᠦᠯᠢ ᠲᠦ᠋ᠭᠡᠮᠡᠯᠵᠢᠭᠦᠯᠬᠦ ᠰᠤᠷᠭᠠᠨ ᠬᠦᠮᠦᠵᠢᠯ ᠤᠨ ᠤᠬᠠᠭᠤᠯᠭ᠎ᠠ ᠶᠢᠨ ᠬᠦᠴᠦᠨ ᠢ ᠤᠯᠠᠮ ᠨᠢᠭᠡ ᠠᠯᠬᠤᠮ ᠴᠢᠩᠭ᠋ᠠᠳᠬᠠᠨ᠂ ᠲᠤᠰᠬᠠᠢ ᠠᠵᠢᠯᠯᠠᠭ᠎ᠠ ᠂ ᠴᠢᠬᠤᠯᠠ ᠶᠡᠬᠡ ᠪᠠᠶᠠᠷ ᠤᠨ ᠡᠳ᠋ᠦᠷ ᠲᠡᠶ ᠤᠶᠠᠯᠳ᠋ᠤᠭᠤᠯᠵᠤ᠂ ᠤᠷᠴᠢᠨ ᠲᠤᠭᠤᠷᠢᠨ ᠤ ᠬᠠᠮᠠᠭᠠᠯᠠᠯᠳ᠋ᠠ ᠶᠢ ᠬᠢᠨᠠᠨ ᠪᠠᠢ᠌ᠴᠠᠭᠠᠬᠤ ᠬᠡᠷᠡᠭ᠌᠂ ᠲᠠᠷᠢᠶᠠᠯᠠᠩ ᠮᠠᠯᠵᠢᠬᠤ ᠤᠷᠤᠨ ᠤ ᠬᠠᠯᠠᠮᠰᠢᠯ ᠬᠡᠷᠡᠭ᠌ ᠪᠠ ᠲᠡᠭᠡᠳ᠋ᠦ ᠱᠠᠳ᠋ᠤᠨ ᠡᠴᠡ ᠲᠤᠰᠢᠶᠠᠨ ᠰᠢᠳᠭᠡᠭᠦᠯᠬᠦ ᠬᠡᠷᠡᠭ᠌ ᠤᠨ ᠲᠤᠭᠤᠷᠢᠨ ᠳᠤ᠂ ᠬᠡᠷᠡᠭ᠌ ᠶᠢᠡᠷ ᠬᠠᠦᠯᠢ ᠶᠢ ᠲᠠᠢ᠌ᠯᠪᠤᠷᠢᠯᠠᠨ᠂ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠬᠠᠦᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠦᠷᠭᠡᠨ ᠦᠷᠨᠢᠭᠦᠯᠵᠦ᠂ ᠤᠯᠠᠨ ᠲᠦ᠋ᠮᠡᠨ ᠤ ᠬᠠᠦᠯᠢ ᠶᠢ ᠮᠡᠳ᠋ᠡᠵᠦ ᠬᠠᠦᠯᠢ ᠶᠢ ᠰᠠᠬᠢᠬᠤ ᠤᠬᠠᠮᠰᠡᠷ ᠢ ᠲᠡᠭᠡᠭ᠍ᠰᠢᠯᠡᠭᠦᠯᠦᠨ᠂ ᠠᠷᠠᠳ ᠤᠯᠠᠨ ᠤ ᠠᠶᠤᠯᠭᠦᠢ ᠰᠡᠳᠭᠢᠯᠭᠡ᠂ ᠬᠠᠨᠤᠮᠵᠢ ᠶᠢᠨ ᠬᠡᠮᠵᠢᠶ᠎ᠠ ᠶᠢ ᠦᠨᠡᠨᠬᠦ ᠲᠡᠭᠡᠭ᠍ᠰᠢᠯᠡᠬᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)