ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ《ᠦᠪᠦᠷ ᠮᠤᠩᠭ᠋ᠤᠯ  ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ

      
         ᠵᠠᠷᠤᠳ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠦᠢᠯᠡᠰ ᠤᠨ ᠬᠦᠭ᠍ᠵᠢᠯᠳ᠋ᠡ ᠶᠢ ᠠᠬᠢᠭᠤᠯᠤᠨ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠤᠯᠠᠮ ᠨᠢᠭᠡ ᠠᠯᠬᠤᠮ ᠪᠡᠬᠢᠵᠢᠭᠦᠯᠬᠦ ᠶᠢᠨ ᠲᠦ᠋ᠯᠦᠭᠡ᠂ 4 ᠰᠠᠷ᠎ᠠ ᠶᠢᠨ 21 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ《ᠦᠪᠦᠷ ᠮᠤᠩᠭ᠋ᠤᠯ  ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠢ᠌ᠴᠠᠭᠠᠯᠳ᠋ᠠ ᠳᠤ ᠤᠷᠤᠯᠴᠠᠪᠠ᠃ 

        
           ᠬᠠᠦᠯᠢ ᠬᠡᠷᠡᠭ᠍ᠵᠢᠭᠦᠯᠦᠯᠳ᠋ᠡ ᠶᠢ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠬᠤᠰᠢᠭᠤᠨ ᠤ ᠰᠤᠷᠭᠠᠨ ᠬᠦᠮᠦᠵᠢᠯ ᠤᠨ ᠬᠦᠷᠢᠶᠡᠯᠡᠩ ᠲᠤᠭᠤᠷᠢᠭ ᠤᠨ ᠰᠢᠭᠤᠳ ᠬᠠᠷᠢᠶ᠎ᠠ ᠬᠡᠦᠬᠡᠳ ᠤᠨ ᠴᠡᠴᠡᠷᠯᠢᠭ᠌᠂ ᠯᠦ᠋ᠪᠸᠢ ᠵᠡᠭᠡᠯᠢ ᠭᠤᠳ᠋ᠤᠮᠵᠢ ᠶᠢᠨ   ᠹᠦ᠋ ᠯᠢ ᠴᠦ᠋ᠨ ᠴᠸᠩ ᠨᠡᠢ᠌ᠭᠡᠮ ᠲᠤᠭᠤᠷᠢᠭ᠂ ᠬᠤᠰᠢᠭᠤᠨ ᠤ ᠭᠠᠯ ᠤᠨᠳ᠋ᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ ᠳᠤ ᠬᠦᠷᠴᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠡᠷ ᠲᠠᠮᠵᠢᠨ᠂ ᠪᠦᠬᠦ ᠬᠤᠰᠢᠭᠤᠨ ᠤ《ᠦᠪᠦᠷ ᠮᠤᠩᠭ᠋ᠤᠯ  ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

        
            ᠪᠠᠢ᠌ᠴᠠᠭᠠᠬᠤ ᠲᠤᠭᠤᠢ᠌ᠯᠠᠩ ᠡᠴᠡ ᠪᠦᠬᠦ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯ ᠤᠨ ᠤᠯᠤᠭᠰᠠᠨ ᠦᠷ᠎ᠠ ᠪᠦᠳ᠋ᠦᠮᠵᠢ ᠪᠤᠯᠤᠨ《ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠠᠵᠢᠯ ᠤᠨ ᠪᠠᠢ᠌ᠳ᠋ᠠᠯ ᠢ ᠭᠦᠢᠴᠡᠳ ᠨᠤᠳ᠋ᠠᠯᠠᠪᠠ᠃ ᠪᠠᠢ᠌ᠴᠠᠭᠠᠬᠤ ᠲᠤᠭᠤᠢ᠌ᠯᠠᠩ ᠡᠴᠡ᠂ ᠡᠯ᠎ᠠ ᠭᠠᠵᠠᠷ ᠡᠯ᠎ᠠ ᠰᠠᠯᠠᠭ᠎ᠠ ᠮᠦ᠋ᠴᠢᠷ ᠤᠨ《ᠲᠦ᠋ᠷᠢᠮ》 ᠢ ᠬᠡᠷᠡᠭ᠍ᠵᠢᠭᠦᠯᠬᠦ ᠪᠠ ᠤᠬᠠᠭᠤᠯᠬᠤ ᠠᠵᠢᠯ ᠳᠤ ᠢᠳ᠋ᠡᠪᠬᠢᠳ᠋ᠠᠢ ᠤᠷᠤᠯᠴᠡᠨ᠂ ᠪᠦᠬᠦ ᠬᠤᠰᠢᠭᠤᠨ ᠤ ᠦᠨᠳ᠋ᠦᠰᠦᠳ᠋ᠡᠨ ᠤ ᠠᠵᠢᠯ᠂ ᠪᠦᠬᠦ ᠤᠯᠤᠰ ᠤᠨ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠵᠢᠱᠢᠶᠡᠴᠢ ᠬᠤᠰᠢᠭᠤ ᠶᠢ ᠡᠭᠦᠳ᠋ᠦᠨ ᠪᠠᠢ᠌ᠭᠤᠯᠬᠤ ᠠᠵᠢᠯ ᠲᠡᠶ ᠬᠠᠷᠢᠯᠴᠡᠨ ᠠᠭᠤᠰᠤᠯᠴᠠᠭᠤᠯᠵᠤ᠂《ᠲᠦ᠋ᠷᠢᠮ》 ᠤᠨ ᠠᠭᠤᠯᠭ᠎ᠠ ᠶᠢ ᠲᠡᠷᠡ ᠶᠤᠰᠤᠭᠠᠷ ᠨᠢ ᠰᠠᠢ᠌ᠳ᠋ᠤᠷ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ᠃ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠡᠬᠢᠵᠢᠭᠦᠯᠬᠦ ᠱᠠᠭᠠᠷᠳ᠋ᠠᠯᠭ᠎ᠠ ᠶᠢ ᠲᠡᠦᠬᠡ ᠰᠤᠶᠤᠯ ᠤᠨ ᠤᠬᠠᠭᠤᠯᠭ᠎ᠠ ᠬᠦᠮᠦᠵᠢᠯ᠂ ᠤᠯᠠᠨ ᠨᠡᠢ᠌ᠳ᠋ᠡ ᠶᠢᠨ ᠰᠤᠶᠤᠯ ᠤᠨ ᠲᠦ᠋ᠬᠦᠭᠡᠷᠦᠮᠵᠢ ᠶᠢᠨ ᠪᠠᠢ᠌ᠭᠤᠯᠤᠯᠳ᠋ᠠ᠂ ᠬᠤᠳ᠋ᠠ ᠶᠢᠨ ᠪᠡᠯᠭᠡ ᠲᠡᠮᠳ᠋ᠡᠭ᠌ ᠤᠨ ᠴᠢᠨᠠᠷᠳ᠋ᠠᠢ ᠪᠠᠷᠢᠯᠭ᠎ᠠ ᠶᠢᠨ ᠪᠠᠢ᠌ᠭᠤᠯᠤᠯᠳ᠋ᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠡᠯ᠎ᠠ ᠲᠠᠯ᠎ᠠ ᠳᠤ ᠦᠷᠭᠦᠯᠵᠢᠯᠡᠨ ᠲᠤᠭᠤᠰᠢᠯᠠᠭᠤᠯᠵᠤ᠂ ᠡᠯ᠎ᠠ ᠦᠨᠳ᠋ᠦᠰᠦᠳ᠋ᠡᠨ ᠤ ᠪᠦᠯᠬᠦᠮᠳ᠋ᠡᠯ ᠡᠶ᠎ᠠ ᠵᠤᠬᠢᠴᠠᠩᠭ᠋ᠤᠢ ᠬᠦᠭ᠍ᠵᠢᠯᠳ᠋ᠡ ᠶᠢ ᠠᠬᠢᠭᠤᠯᠤᠨ᠂ ᠪᠦᠬᠦ ᠬᠤᠰᠢᠭᠤᠨ ᠤ ᠠᠵᠤ ᠠᠬᠤᠢ ᠶᠢᠨ ᠬᠦᠭ᠍ᠵᠢᠯᠳ᠋ᠡ᠂ ᠨᠡᠢ᠌ᠭᠡᠮ ᠤᠨ ᠠᠮᠤᠷ ᠲᠦ᠋ᠪᠰᠢᠨ᠂ ᠠᠷᠠᠳ ᠲᠦ᠋ᠮᠡᠨ ᠤ ᠵᠤᠯ ᠵᠢᠷᠭᠠᠯ ᠤᠨ ᠲᠦ᠋ᠯᠦᠭᠡ ᠴᠦ᠋ᠬᠦᠷᠡᠰᠢ ᠦᠭᠡᠶ ᠴᠢᠷᠮᠠᠢ᠌ᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠮᠤᠳ᠋ᠤ ᠲᠠᠷᠢᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠠᠵᠢᠯ ᠢ ᠪᠠᠢ᠌ᠴᠠᠭᠠᠨ ᠵᠢᠯᠤᠭᠤᠳᠪᠠ