ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ

4 ᠰᠠᠷ᠎ᠠ ᠶᠢᠨ 22 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ《ᠵᠠᠬᠢᠳ᠋ᠠᠯ ᠰᠤᠷᠪᠤᠯᠵᠢᠯᠠᠭ᠎ᠠ ᠶᠢᠨ ᠠᠵᠢᠯ ᠤᠨ ᠲᠦ᠋ᠷᠢᠮ》 ᠢ ᠲᠦ᠋ᠪᠯᠡᠷᠡᠭᠦᠯᠦᠨ ᠰᠤᠷᠤᠯᠴᠠᠪᠠ᠃ ᠬᠤᠷᠠᠯ ᠢ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠬᠦ ᠶᠢᠨ ᠬᠠᠮᠳ᠋ᠤ ᠲᠠᠭᠠᠭᠤᠯᠤᠨ ᠰᠤᠷᠤᠯᠴᠠᠪᠠ᠃
ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ《ᠵᠠᠬᠢᠳ᠋ᠠᠯ ᠰᠤᠷᠪᠤᠯᠵᠢᠯᠠᠭ᠎ᠠ ᠶᠢᠨ ᠠᠵᠢᠯ ᠤᠨ ᠲᠦ᠋ᠷᠢᠮ》 ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭ᠍ᠵᠢᠭᠦᠯᠵᠦ᠂ ᠰᠢᠨ᠎ᠠ ᠴᠠᠭ ᠦᠶ᠎ᠠ ᠶᠢᠨ ᠵᠠᠬᠢᠳ᠋ᠠᠯ ᠰᠤᠷᠪᠤᠯᠵᠢᠯᠠᠭ᠎ᠠ ᠶᠢᠨ ᠠᠵᠢᠯ ᠤᠨ ᠵᠠᠷᠴᠢᠮ ᠪᠤᠯᠤᠨ ᠱᠠᠭᠠᠷᠳ᠋ᠠᠯᠭ᠎ᠠ ᠶᠢ ᠡᠵᠡᠮᠰᠢᠨ᠂ ᠠᠷᠠᠳ ᠲᠦ᠋ᠮᠡᠨ ᠶᠢᠡᠷ ᠭᠤᠤᠯ ᠪᠤᠯᠭᠠᠬᠤ ᠬᠦᠭ᠍ᠵᠢᠯᠳ᠋ᠡ ᠶᠢᠨ ᠦᠵᠡᠯ ᠰᠠᠨᠠᠭ᠎ᠠ ᠶᠢ ᠦᠢᠯᠡᠳ᠋ᠦᠯᠭᠡᠵᠢᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠠᠬᠢᠳ᠋ᠠᠯ ᠰᠤᠷᠪᠤᠯᠵᠢᠯᠠᠭ᠎ᠠ ᠶᠢᠨ ᠬᠠᠮᠢᠶ᠎ᠠ ᠪᠦᠬᠦᠢ ᠠᠵᠢᠯ ᠢ ᠯᠠᠪᠳ᠋ᠠᠭᠤᠨ ᠪᠠᠳ᠋ᠤᠳ᠋ᠠᠢ ᠠᠬᠢᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠠᠬᠢᠳ᠋ᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠸᠮ ᠢ ᠲᠡᠭᠦᠯᠳ᠋ᠡᠷᠵᠢᠭᠦᠯᠵᠦ᠂ ᠰᠢᠨ᠎ᠠ ᠴᠠᠭ ᠦᠶ᠎ᠠ ᠶᠢᠨ ᠵᠠᠬᠢᠳ᠋ᠠᠯ ᠰᠤᠷᠪᠤᠯᠵᠢᠯᠠᠭ᠎ᠠ ᠶᠢᠨ ᠠᠵᠢᠯ ᠤᠨ《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠠᠷᠢᠭᠤᠴᠠᠯᠭ᠎ᠠ》 ᠶᠢ ᠦᠨᠡᠨᠬᠦ ᠡᠭᠦᠷᠭᠡᠯᠡᠨ᠂ ᠨᠡᠢ᠌ᠭᠡᠮ ᠤᠨ ᠪᠠᠢ᠌ᠳ᠋ᠠᠯ ᠠᠷᠠᠳ ᠤᠨ ᠰᠠᠨᠠᠭ᠎ᠠ ᠶᠢ ᠤᠢ᠌ᠯᠠᠭᠠᠬᠤ 《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠴᠤᠩᠬᠤ》 ᠶᠢ ᠰᠠᠢ᠌ᠳ᠋ᠤᠷ ᠪᠠᠢ᠌ᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃
ᠬᠤᠷᠠᠯ ᠲᠡᠭᠡᠷ᠎ᠠ᠂ ᠯᠢ ᠴᠸᠩ ᠭᠦᠸᠸ ᠡᠴᠡ《ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠬᠤᠳ᠋ᠠᠯᠳ᠋ᠤᠭ᠎ᠠ ᠡᠵᠡᠩᠨᠡᠬᠦ ᠤᠷᠴᠢᠨ ᠠᠬᠤᠢ ᠶᠢ ᠬᠤᠬᠢᠷᠠᠭᠤᠯᠤᠭᠰᠠᠨ ᠨᠡᠢ᠌ᠳ᠋ᠡᠯᠢᠭ᠌ ᠬᠡᠷᠡᠭ᠌ ᠤᠨ ᠲᠤᠬᠠᠢ ᠵᠠᠷᠯᠠᠯ》《ᠲᠦ᠋ᠩᠯᠢᠶᠤᠤ ᠬᠤᠳ᠋ᠠ ᠶᠢᠨ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠦᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠵᠢᠯᠤᠭᠤᠳᠬᠤ ᠭᠠᠵᠠᠷ ᠤᠨ 〈5· 1〉 ᠤ ᠠᠮᠠᠷᠠᠯᠳ᠋ᠠ ᠶᠢᠨ ᠬᠤᠭᠤᠴᠠᠭᠠᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠴᠢᠩᠭ᠋ᠠᠳᠬᠠᠬᠤ ᠲᠤᠬᠠᠢ ᠵᠠᠷᠯᠠᠯ》 ᠢ ᠤᠩᠰᠢᠨ ᠨᠡᠢ᠌ᠳ᠋ᠡᠯᠡᠭ᠍ᠰᠡᠨ ᠪᠦᠭᠡᠳ ᠠᠮᠠᠷᠠᠯᠳ᠋ᠠ ᠶᠢᠨ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳᠤ ᠪᠤᠳ᠋ᠠᠳ᠋ᠠᠢ ᠲᠤᠬᠢᠷᠠᠭᠤᠯᠤᠯᠳ᠋ᠠ ᠬᠢᠪᠡ᠃ (ᠨᠠᠢ᠌ᠷᠠᠭᠤᠯᠤᠭᠴᠢ᠄ ᠯᠸᠢ ᠫᠠᠩ)