ᠬᠤᠩᠬᠠᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠪᠠ

4 ᠰᠠᠷ᠎ᠠ ᠶᠢᠨ 19 ᠤ ᠡᠳ᠋ᠦᠷ᠂ ᠬᠤᠩᠬᠠᠳ᠋ᠤ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠪᠠ᠃

ᠠᠵᠢᠯᠯᠠᠭ᠎ᠠ ᠲᠤᠮᠳ᠋ᠠ᠂ ᠠᠷᠠᠳ ᠤᠨ ᠲᠦ᠋ᠯᠦᠭᠡᠯᠡᠭ᠍ᠴᠢᠳ ᠤᠳ᠋ᠤᠬᠠᠨ ᠤ ᠤᠯᠤᠰ ᠤᠨ ᠠᠮᠤᠷ ᠲᠦ᠋ᠪᠰᠢᠨ ᠪᠠ ᠲᠤᠭᠳ᠋ᠠᠭᠤᠨ ᠪᠠᠢ᠌ᠳ᠋ᠠᠯ ᠢ ᠬᠠᠮᠠᠭᠠᠯᠠᠬᠤ ᠪᠤᠳ᠋ᠠᠳ᠋ᠠᠢ ᠲᠡᠶ ᠤᠶᠠᠯᠳ᠋ᠤᠭᠤᠯᠤᠨ᠂ ᠢᠷᠡᠵᠦ ᠶᠠᠪᠤᠭ᠎ᠠ ᠤᠯᠠᠨ ᠲᠦ᠋ᠮᠡᠨ ᠪᠠ ᠵᠡᠭᠡᠯᠢ ᠲᠠᠭᠠᠦ ᠶᠢᠨ ᠬᠤᠳ᠋ᠠᠯᠳ᠋ᠤᠭ᠎ᠠ ᠡᠷᠦᠭᠡ ᠳᠤ ᠡᠷᠬᠡᠳ᠋ᠦ ᠠᠷᠠᠳ ᠤᠯᠤᠰ ᠤᠨ ᠠᠮᠤᠷ ᠲᠦ᠋ᠪᠰᠢᠨ ᠢ ᠬᠠᠮᠠᠭᠠᠯᠠᠬᠤ ᠡᠭᠦᠷᠭᠡ ᠪᠠ ᠤᠯᠠᠨ ᠲᠦ᠋ᠮᠡᠨ ᠬᠡᠷᠬᠢᠨ ᠤᠯᠤᠰ ᠤᠨ ᠠᠮᠤᠷ ᠲᠦ᠋ᠪᠰᠢᠨ ᠢ ᠬᠠᠮᠠᠭᠠᠯᠠᠬᠤ ᠵᠡᠷᠭᠡ ᠲᠠᠯ᠎ᠠ ᠶᠢᠨ ᠮᠡᠳ᠋ᠡᠯᠭᠡ ᠶᠢ ᠴᠢᠬᠤᠯᠠᠴᠢᠯᠡᠨ ᠲᠠᠢ᠌ᠯᠪᠤᠷᠢᠯᠠᠵᠤ᠂ ᠤᠯᠠᠨ ᠲᠦ᠋ᠮᠡᠨ ᠢ ᠬᠦᠳ᠋ᠦᠯᠦᠨ ᠵᠢᠯᠤᠭᠤᠳᠴᠦ ᠵᠦ᠋ᠪ ᠤᠨᠤᠪᠴᠢᠳ᠋ᠠᠢ ᠤᠯᠤᠰ ᠤᠨ ᠠᠮᠤᠷ ᠲᠦ᠋ᠪᠰᠢᠨ ᠤ ᠦᠵᠡᠯᠳ᠋ᠡ ᠶᠢ ᠪᠤᠢ ᠪᠤᠯᠭᠠᠪᠠ᠃ (ᠨᠠᠢ᠌ᠷᠠᠭᠤᠯᠤᠭᠴᠢ᠄ ᠯᠸᠢ ᠫᠠᠩ)