ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠠᠵᠢᠯ ᠢ ᠪᠠᠢ᠌ᠴᠠᠭᠠᠨ ᠵᠢᠯᠤᠭᠤᠳᠪᠠ

    4 ᠰᠠᠷ᠎ᠠ ᠶᠢᠨ 26 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠲᠠᠷᠢᠬᠰᠠᠨ ᠠᠵᠢᠯ ᠢ ᠪᠠᠢ᠌ᠴᠠᠭᠠᠨ ᠵᠢᠯᠤᠭᠤᠳᠪᠠ᠃ 

        
        ᠡᠦ ᠴᠢᠩ ᠬᠠᠢ ᠤᠷᠢᠳ ᠬᠤᠵᠢᠳ ᠬᠤᠪᠤᠯᠳ᠋ᠤ ᠭᠠᠴᠠᠭ᠎ᠠ᠂ ᠪᠠᠶᠠᠷᠳ᠋ᠤᠬᠤᠰᠢᠭᠤ ᠭᠠᠴᠠᠭᠠᠨ ᠳᠤ ᠬᠦᠷᠴᠦ᠂ ᠲᠠᠷᠢᠯᠭ᠎ᠠ ᠲᠠᠷᠢᠭᠰᠠᠨ ᠠᠬᠢᠴᠡ᠂ ᠲᠠᠷᠢᠯᠭ᠎ᠠ ᠲᠠᠷᠢᠭᠰᠠᠨ ᠬᠦᠮᠦᠨ ᠤ ᠲᠤᠭ᠎ᠠ᠂ ᠠᠵᠢᠯᠯᠠᠭᠠᠨ ᠢ ᠵᠢᠷᠤᠮᠵᠢᠭᠤᠯᠬᠤ ᠵᠢᠴᠢ ᠲᠤᠯᠭᠠᠷᠠᠵᠤ ᠪᠠᠢ᠌ᠭ᠎ᠠ ᠬᠦᠴᠢᠷᠳ᠋ᠡᠯ ᠪᠠ ᠤᠷᠤᠰᠢᠵᠤ ᠪᠠᠢ᠌ᠬᠤ ᠠᠰᠠᠭᠤᠳ᠋ᠠᠯ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠨ᠂ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤ ᠪᠦᠬᠦ ᠪᠠᠯᠭᠠᠰᠤᠨ ᠤ ᠲᠠᠷᠢᠯᠭ᠎ᠠ ᠲᠠᠷᠢᠭᠰᠠᠨ ᠠᠵᠢᠯ ᠤᠨ ᠠᠬᠢᠴᠡ ᠶᠢᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ᠃

        
           ᠡᠦ ᠴᠢᠩ ᠬᠠᠢ ᠡᠴᠡ᠂ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠪᠤᠯ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠶᠢᠨ ᠴᠢᠬᠤᠯᠠ ᠡᠴᠡ ᠴᠢᠬᠤᠯᠠ ᠠᠵᠢᠯ ᠪᠠᠢ᠌ᠵᠤ᠂ ᠪᠠᠶᠠᠷᠳ᠋ᠤᠬᠤᠰᠢᠭᠤ ᠪᠠᠯᠭᠠᠰᠤᠨ ᠤ ᠵᠠᠰᠠᠭ ᠤᠨ ᠤᠷᠳ᠋ᠤᠨ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠲᠠᠷᠢᠯᠭ᠎ᠠ ᠲᠠᠷᠢᠬᠤ ᠠᠵᠢᠯ ᠤᠨ ᠬᠠᠷᠢᠭᠤᠴᠠᠯᠭᠠᠳ᠋ᠤ ᠰᠡᠳᠭᠢᠯᠭᠡ ᠪᠠ ᠲᠤᠯᠭᠠᠮ᠎ᠠ ᠰᠡᠳᠭᠢᠯᠭᠡ ᠪᠠᠨ ᠦᠨᠡᠨᠬᠦ ᠴᠢᠩᠭ᠋ᠠᠳᠬᠠᠵᠤ᠂ ᠲᠡᠭᠡᠳ᠋ᠦ ᠱᠠᠳ᠋ᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠢᠨ ᠶᠤᠰᠤᠭᠠᠷ᠂ ᠲᠠᠷᠢᠯᠭ᠎ᠠ ᠲᠠᠷᠢᠬᠤ ᠠᠬᠢᠴᠡ ᠶᠢ ᠲᠦ᠋ᠷᠭᠡᠳᠭᠡᠨ ᠠᠬᠢᠭᠤᠯᠵᠤ᠂ ᠲᠠᠷᠢᠯᠭ᠎ᠠ ᠲᠠᠷᠢᠬᠤ ᠶᠤᠰᠤᠳ᠋ᠠᠢ ᠶᠢ ᠨᠢ ᠪᠦᠬᠦᠨ ᠢ ᠲᠠᠷᠢᠬᠤ ᠶᠢ ᠪᠠᠳ᠋ᠤᠯᠠᠨ᠂ ᠪᠦᠬᠦ ᠪᠠᠯᠭᠠᠰᠤᠨ ᠤ ᠲᠠᠷᠢᠯᠭ᠎ᠠ ᠲᠠᠷᠢᠬᠤ ᠡᠭᠦᠷᠭᠡ ᠶᠢ ᠴᠢᠷᠮᠠᠢ᠌ᠨ ᠪᠡᠶᠡᠯᠡᠭᠦᠯᠬᠦ ᠬᠡᠷᠡᠭ᠍ᠳ᠋ᠠᠢ᠃ ᠤᠬᠠᠭᠤᠯᠵᠤ ᠬᠦᠳ᠋ᠦᠯᠦᠨ ᠵᠢᠯᠤᠭᠤᠳᠬᠤ ᠡᠷᠴᠢᠮ ᠶᠢᠡᠨ ᠴᠢᠩᠭ᠋ᠠᠷᠠᠭᠤᠯᠤᠨ᠂ ᠰᠢᠨ᠎ᠠ ᠵᠠᠭᠤᠴᠢᠯᠠᠭᠤᠷ᠂ ᠤᠬᠤᠷ ᠮᠡᠳ᠋ᠡᠭᠡ ᠵᠡᠷᠭᠡ ᠤᠯᠠᠨ ᠵᠦ᠋ᠢᠯ ᠤᠨ ᠬᠡᠯᠪᠡᠷᠢ ᠶᠢ ᠭᠦᠢᠴᠡᠳ ᠠᠰᠢᠭᠯᠠᠵᠤ ᠲᠠᠷᠢᠯᠭ᠎ᠠ ᠲᠠᠷᠢᠬᠤ ᠮᠡᠳ᠋ᠡᠯᠭᠡ ᠶᠢᠨ ᠤᠬᠠᠭᠤᠯᠭ᠎ᠠ ᠶᠢᠨ ᠠᠵᠢᠯ ᠢ ᠰᠠᠢ᠌ᠳ᠋ᠤᠷ ᠬᠢᠵᠦ᠂ ᠲᠠᠷᠢᠯᠭ᠎ᠠ ᠲᠠᠷᠢᠭ᠎ᠠ ᠦᠭᠡᠶ ᠬᠦᠮᠦᠰ ᠤᠨ ᠡᠷᠡᠭᠡᠯᠵᠡᠯ ᠪᠠ ᠵᠤᠪᠠᠨᠢᠯ ᠢ ᠠᠷᠢᠯᠭᠠᠨ᠂ ᠤᠯᠠᠨ ᠲᠦ᠋ᠮᠡᠨ ᠤ ᠲᠠᠷᠢᠯᠭ᠎ᠠ ᠲᠠᠷᠢᠬᠤ ᠶᠢ ᠵᠦ᠋ᠪᠰᠢᠶᠡᠷᠡᠬᠦ ᠰᠡᠳᠭᠢᠯᠭᠡ ᠪᠠ ᠲᠠᠷᠢᠯᠭ᠎ᠠ ᠲᠠᠷᠢᠬᠤ ᠬᠦᠰᠡᠯ ᠢ ᠲᠡᠭᠡᠭ᠍ᠰᠢᠯᠡᠭᠦᠯᠵᠦ᠂ ᠪᠦᠬᠦ ᠪᠠᠯᠭᠠᠰᠤᠨ ᠤ ᠬᠦᠮᠦᠰ ᠢ ᠲᠠᠷᠢᠯᠭ᠎ᠠ ᠲᠠᠷᠢᠬᠤ ᠶᠢ ᠴᠢᠷᠮᠠᠢ᠌ᠨ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ《ᠦᠪᠦᠷ ᠮᠤᠩᠭ᠋ᠤᠯ  ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠬᠤᠯᠪᠤᠭᠠᠯᠠᠵᠤ ᠲᠠᠭᠠᠭᠠᠴᠢᠯᠠᠭᠰᠠᠨ ᠰᠤᠮᠤ ᠪᠠᠯᠭᠠᠰᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠪᠠᠢ᠌ᠳ᠋ᠠᠯ ᠢ ᠬᠢᠨᠠᠨ ᠵᠢᠯᠤᠭᠤᠳᠪᠠ