ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠬᠤᠯᠪᠤᠭᠠᠯᠠᠵᠤ ᠲᠠᠭᠠᠭᠠᠴᠢᠯᠠᠭᠰᠠᠨ ᠰᠤᠮᠤ ᠪᠠᠯᠭᠠᠰᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠪᠠᠢ᠌ᠳ᠋ᠠᠯ ᠢ ᠬᠢᠨᠠᠨ ᠵᠢᠯᠤᠭᠤᠳᠪᠠ

    ᠲᠠᠷᠢᠯᠭ᠎ᠠ ᠲᠠᠷᠢᠬᠤ ᠠᠵᠢᠯ ᠢ ᠲᠦ᠋ᠷᠭᠡᠳᠭᠡᠨ ᠠᠬᠢᠭᠤᠯᠵᠤ᠂ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠢ ᠰᠡᠷᠭᠡᠢ᠌ᠯᠡᠬᠦ ᠬᠠᠯᠬᠠᠪᠴᠢ ᠶᠢ ᠪᠠᠢ᠌ᠭᠤᠯᠤᠨ ᠲᠡᠭᠦᠯᠳ᠋ᠡᠷᠵᠢᠭᠦᠯᠵᠦ᠂ ᠠᠷᠠᠳ ᠲᠦ᠋ᠮᠡᠨ ᠤ ᠠᠮᠢ ᠨᠠᠰᠤᠨ ᠤ ᠠᠮᠤᠷ ᠲᠦ᠋ᠪᠰᠢᠨ ᠢ ᠪᠠᠳ᠋ᠤᠯᠠᠬᠤ ᠶᠢᠨ ᠲᠦ᠋ᠯᠦᠭᠡ᠂ ᠤᠢ᠌ᠷ᠎ᠠ ᠶᠢᠨ ᠡᠳ᠋ᠤᠷ ᠲᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠲᠤᠰ ᠲᠤᠰ ᠬᠤᠯᠪᠤᠭᠠᠯᠠᠵᠤ ᠲᠠᠭᠠᠭᠠᠴᠢᠯᠠᠭᠰᠠᠨ ᠭᠠᠵᠠᠷ ᠤᠷᠤᠨ ᠳᠤ ᠬᠦᠷᠴᠦ᠂ ᠲᠠᠷᠢᠯᠭ᠎ᠠ ᠶᠢᠨ ᠠᠬᠢᠴᠡ ᠪᠤᠯᠤᠨ ᠤᠷᠤᠰᠢᠵᠤ ᠪᠠᠢ᠌ᠬᠤ ᠬᠦᠴᠢᠷᠳ᠋ᠡᠯ ᠢ ᠨᠠᠷᠢᠯᠢᠭ ᠠᠰᠠᠭᠤᠵᠤ ᠤᠢ᠌ᠯᠠᠭᠠᠬᠤ ᠶᠢᠨ ᠬᠠᠮᠳ᠋ᠤ ᠲᠠᠷᠢᠯᠭ᠎ᠠ ᠶᠢᠨ ᠪᠠᠢ᠌ᠳ᠋ᠠᠯ ᠳᠤ ᠴᠢᠭᠯᠡᠭᠦᠯᠦᠨ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃

       
         ᠬᠢᠨᠠᠨ ᠵᠢᠯᠤᠭᠤᠳᠬᠤ ᠲᠤᠮᠳ᠋ᠠ᠂ ᠲᠠᠷᠢᠯᠭ᠎ᠠ ᠲᠠᠷᠢᠬᠤ ᠪᠤᠯ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠴᠢᠬᠤᠯᠠ ᠠᠷᠭ᠎ᠠ ᠠᠪᠴᠡᠯ ᠪᠠᠢ᠌ᠵᠤ᠂ ᠡᠯ᠎ᠠ ᠭᠠᠵᠠᠷ ᠤᠷᠤᠨ ᠲᠤᠭᠳ᠋ᠠᠭᠰᠠᠨ ᠲᠡᠰ ᠲᠠᠷᠠᠭᠠᠯᠠᠯ ᠢ ᠴᠢᠩᠭ᠎ᠠ ᠵᠢᠷᠤᠮᠯᠠᠨ ᠲᠠᠷᠢᠯᠭ᠎ᠠ ᠲᠠᠷᠢᠬᠤ ᠠᠵᠢᠯ ᠢ ᠬᠦᠴᠦᠳ᠋ᠠᠢ ᠪᠦᠭᠡᠳ ᠡᠮᠬᠢ ᠵᠢᠷᠤᠮ ᠲᠡᠶ ᠠᠬᠢᠭᠤᠯᠤᠨ᠂ ᠡᠯ᠎ᠠ ᠱᠠᠳ᠋ᠤᠨ ᠤ ᠨᠠᠮ ᠤᠨ ᠭᠡᠰᠢᠭᠦᠨ ᠺᠠᠳ᠋ᠷᠴᠤᠳ ᠪᠡᠶ᠎ᠠ ᠪᠠᠷ ᠶᠢᠡᠨ ᠬᠡᠪ ᠲᠠᠭᠤᠷᠢᠶᠠᠯ ᠦᠵᠡᠭᠦᠯᠵᠦ᠂ ᠵᠢᠭᠰᠠᠭᠠᠨ ᠪᠠᠢ᠌ᠴᠠᠭᠠᠬᠤ ᠪᠠ ᠤᠬᠠᠭᠤᠯᠭ᠎ᠠ ᠡᠷᠴᠢᠮ ᠶᠢᠡᠨ ᠴᠢᠩᠭ᠋ᠠᠷᠠᠭᠤᠯᠤᠨ᠂ ᠲᠠᠷᠢᠯᠭ᠎ᠠ ᠲᠠᠷᠢᠬᠤ 《ᠭᠤᠤᠯᠳ᠋ᠠᠯᠭ᠎ᠠ ᠲᠡᠶ ᠡᠷᠦᠭᠡ》 ᠳᠤ ᠲᠠᠬᠢᠨ ᠵᠠᠳ᠋ᠠᠯᠤᠯᠳ᠋ᠠ ᠬᠢᠵᠦ᠂ ᠵᠤᠬᠢᠶᠠᠨ ᠪᠠᠢ᠌ᠭᠤᠯᠵᠤ ᠲᠠᠢ᠌ᠴᠢᠯᠠᠬᠤ ᠠᠵᠢᠯ ᠢ ᠦᠨᠡᠨᠬᠦ ᠪᠠᠳ᠋ᠤᠯᠠᠨ᠂ ᠲᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠦᠭᠡᠳ ᠡᠮᠬᠢ ᠵᠢᠷᠤᠮ ᠲᠡᠶ ᠰᠠᠢ᠌ᠳ᠋ᠤᠷ ᠬᠢᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠪᠠᠢ᠌ᠴᠠᠭᠠᠬᠤ ᠬᠤᠷᠢᠶᠠᠨ ᠤ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠦᠵᠡᠪᠡ