ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠪᠠᠢ᠌ᠴᠠᠭᠠᠬᠤ ᠬᠤᠷᠢᠶᠠᠨ ᠤ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠦᠵᠡᠪᠡ
4 ᠰᠠᠷ᠎ᠠ ᠶᠢᠨ 27 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠦᠵᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠪᠠᠢ᠌ᠴᠠᠭᠠᠯᠳ᠋ᠠ ᠳᠤ ᠤᠷᠤᠯᠴᠠᠪᠠ᠃ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠤᠩ ᠪᠠᠷ᠎ᠠ ᠪᠤᠯᠪᠠ᠃

ᠪᠠᠢ᠌ᠴᠠᠭᠠᠬᠤ ᠲᠤᠭᠤᠢ᠌ᠯᠠᠩ ᠤᠨ ᠬᠢᠨ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ《ᠬᠠᠢ᠌ᠷᠠᠯᠠ》 ᠵᠠᠯᠠᠭᠤ ᠪᠠᠭᠠᠴᠤᠳ ᠢ ᠰᠡᠷᠡᠮᠵᠢᠭᠦᠯᠬᠦ ᠬᠦᠮᠦᠵᠢᠯ ᠤᠨ ᠰᠠᠭᠤᠷᠢᠨ ᠭᠠᠵᠠᠷ᠂ ᠨᠠᠮᠴᠢ ᠴᠢᠨᠠᠷ ᠤᠨ ᠬᠦᠮᠦᠵᠢᠯ ᠤᠨ ᠰᠠᠭᠤᠷᠢᠨ ᠭᠠᠵᠠᠷ᠂ 12309 ᠪᠠᠢ᠌ᠴᠠᠭᠠᠬᠤ ᠦᠢᠯᠡᠴᠢᠯᠡᠭᠡᠨ ᠤ ᠲᠦ᠋ᠪ᠂ ᠬᠡᠷᠡᠭ᠌ ᠵᠠᠷᠭᠤ ᠶᠢᠨ ᠬᠠᠮᠢᠶᠠᠷᠤᠯᠳ᠋ᠠ ᠶᠢᠨ ᠲᠦ᠋ᠪ᠂ ᠬᠡᠷᠡᠭ᠌ ᠰᠢ᠌ᠳᠪᠦᠷᠢᠯᠡᠬᠦ ᠠᠵᠢᠯ ᠤᠨ ᠲᠤᠭᠤᠷᠢᠭ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠭᠤᠤᠯᠳ᠋ᠠᠯᠭ᠎ᠠ ᠲᠡᠶ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ᠂ ᠪᠠᠢ᠌ᠴᠠᠭᠠᠬᠤ ᠬᠤᠷᠢᠶᠠᠨ ᠤ ᠲᠤᠬᠠᠢ᠌ᠯᠠᠭᠰᠠᠨ ᠠᠵᠢᠯ ᠢ ᠦᠷᠨᠢᠭᠦᠯᠦᠭ᠍ᠰᠡᠨ ᠪᠠᠢ᠌ᠳ᠋ᠠᠯ᠂ ᠠᠷᠠᠳ ᠤᠨ ᠲᠦ᠋ᠯᠦᠭᠡᠯᠡᠭ᠍ᠴᠢᠳ ᠤᠨ ᠰᠠᠨᠠᠯ ᠵᠦ᠋ᠪᠯᠡᠯᠭᠡ ᠶᠢ ᠨᠠᠢ᠌ᠳ᠋ᠠᠪᠤᠷᠢᠵᠢᠭᠤᠯᠤᠭᠰᠠᠨ ᠵᠢᠴᠢ ᠡᠯ᠎ᠠ ᠲᠦ᠋ᠷᠦᠯ ᠤᠨ ᠭᠤᠤᠯᠳ᠋ᠠᠯᠭ᠎ᠠ ᠲᠡᠶ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠨ᠂ ᠨᠡᠢ᠌ᠳ᠋ᠡ ᠶᠢᠨ ᠠᠰᠠᠷᠠᠮᠵᠢ ᠶᠢᠨ ᠵᠠᠷᠭᠤ ᠶᠢᠨ ᠪᠠᠢ᠌ᠴᠠᠭᠠᠯᠳ᠋ᠠ᠂ ᠨᠠᠰᠤᠨ ᠳᠤ ᠦᠯᠦ ᠬᠦᠷᠦᠭ᠍ᠰᠡᠳ ᠤᠨ ᠪᠠᠢ᠌ᠴᠠᠭᠠᠯᠳ᠋ᠠ᠂ ᠬᠠᠦᠯᠢ ᠪᠠᠷ ᠵᠠᠰᠠᠬᠤ ᠬᠤᠳ᠋ᠠᠯᠳ᠋ᠤᠭ᠎ᠠ ᠡᠵᠡᠩᠨᠡᠬᠦ ᠤᠷᠴᠢᠨ ᠠᠬᠤᠢ ᠶᠢ ᠰᠢᠯᠢᠳ᠋ᠡᠭ᠍ᠵᠢᠭᠦᠯᠬᠦ ᠵᠡᠷᠭᠡ ᠠᠵᠢᠯ ᠢ ᠭᠤᠤᠯᠳ᠋ᠠᠯᠭ᠎ᠠ ᠲᠡᠶ ᠤᠢ᠌ᠯᠠᠭᠠᠵᠤ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠤᠳ᠋ᠤᠷᠢᠳᠬᠤ ᠪᠠᠭ ᠤᠨ ᠭᠡᠰᠢᠭᠦᠨ ᠪᠠ ᠬᠠᠮᠢᠶ᠎ᠠ ᠪᠦᠬᠦᠢ ᠬᠠᠷᠢᠭᠤᠴᠠᠯᠭᠠᠳ᠋ᠠᠨ ᠲᠡᠶ ᠪᠠᠢ᠌ᠴᠠᠭᠠᠬᠤ ᠠᠵᠢᠯ ᠤᠨ ᠤᠷᠤᠰᠢᠵᠤ ᠪᠠᠢ᠌ᠬᠤ ᠠᠰᠠᠭᠤᠳ᠋ᠠᠯ᠂ ᠬᠦᠴᠢᠷᠳ᠋ᠡᠯ ᠪᠤᠯᠤᠨ ᠠᠷᠭᠠᠴᠠᠬᠤ ᠪᠤᠳ᠋ᠤᠯᠭ᠎ᠠ ᠶᠢ ᠰᠤᠯᠢᠯᠴᠠᠨ ᠶᠠᠷᠢᠯᠴᠡᠪᠠ᠃
ᠡᠦ ᠴᠢᠩ ᠬᠠᠢ ᠨᠡᠷ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠦᠷᠨᠢᠭᠦᠯᠦᠭ᠍ᠰᠡᠨ ᠡᠯ᠎ᠠ ᠲᠦ᠋ᠷᠦᠯ ᠤᠨ ᠠᠵᠢᠯ ᠢ ᠭᠦᠢᠴᠡᠳ ᠨᠤᠳ᠋ᠠᠯᠠᠬᠤ ᠶᠢᠨ ᠬᠠᠮᠳ᠋ᠤ ᠴᠢᠬᠤᠯᠠᠴᠢᠯᠠᠭᠰᠠᠨ ᠨᠢ᠂ ᠣᠳ᠋ᠣᠷᠢᠳᠬᠤ ᠪᠠᠭ ᠡᠴᠡ ᠡᠩᠨᠡᠭᠡ ᠪᠠᠨ ᠲᠠᠭᠠᠭᠤᠯᠬᠤ ᠶᠢ ᠤᠯᠠᠮ ᠨᠢᠭᠡ ᠠᠯᠬᠤᠮ ᠠᠳᠬᠤᠨ᠂ ᠦᠵᠡᠯ ᠰᠠᠨᠠᠭ᠎ᠠ ᠤᠯᠤᠰ ᠲᠦ᠋ᠷᠦ ᠶᠢᠨ ᠪᠦᠳ᠋ᠦᠭᠡᠨ ᠪᠠᠢ᠌ᠭᠤᠯᠤᠯᠳ᠋ᠠ ᠪᠠᠷ ᠭᠤᠤᠯ ᠪᠤᠯᠭᠠᠬᠤ ᠂ ᠲᠤᠬᠠᠢ᠌ᠯᠠᠭᠰᠠᠨ ᠠᠵᠢᠯ ᠤᠨ ᠶᠤᠰᠤ ᠰᠤᠷᠳ᠋ᠠᠬᠤᠨ ᠤ ᠪᠦᠳ᠋ᠦᠭᠡᠨ ᠪᠠᠢ᠌ᠭᠤᠯᠤᠯᠳ᠋ᠠ ᠪᠠᠷ ᠰᠠᠭᠤᠷᠢ ᠪᠤᠯᠭᠠᠬᠤ᠂ ᠶᠡᠷᠦᠩᠬᠡᠢ᠌ᠯᠡᠭ᠍ᠰᠡᠨ ᠬᠡᠪ ᠴᠢᠨᠠᠷ ᠤᠨ ᠪᠦᠳ᠋ᠦᠭᠡᠨ ᠪᠠᠢ᠌ᠭᠤᠯᠤᠯᠳ᠋ᠠ ᠪᠠᠷ ᠵᠠᠩᠭᠢᠯᠠᠭ᠎ᠠ ᠪᠤᠯᠭᠠᠬᠤ ᠶᠢ ᠪᠠᠷᠢᠮᠳ᠋ᠠᠯᠠᠵᠤ᠂ ᠪᠠᠢ᠌ᠩᠭ᠋ᠤ ᠶᠢᠨ ᠰᠤᠷᠤᠯᠴᠠᠯᠭ᠎ᠠ ᠪᠤᠯᠪᠠᠰᠤᠷᠠᠯ᠂ ᠠᠵᠢᠯ ᠤᠨ ᠪᠠᠢ᠌ᠷᠢ ᠶᠢᠨ ᠪᠤᠯᠪᠠᠰᠤᠷᠠᠯ ᠵᠢᠴᠢ ᠬᠦᠮᠦᠵᠢᠯ ᠴᠡᠭ᠍ᠴᠡᠯᠡᠯᠳ᠋ᠡ ᠶᠢ ᠰᠠᠢ᠌ᠳ᠋ᠤᠷ ᠠᠳᠬᠤᠨ᠂ ᠪᠦᠯᠬᠦᠮᠳ᠋ᠡᠨ ᠬᠠᠪᠰᠤᠷᠤᠯᠴᠠᠬᠤ᠂ ᠬᠦᠴᠦ ᠪᠠᠨ ᠬᠠᠮᠳ᠋ᠤᠳᠬᠠᠨ ᠪᠤᠭᠤᠮᠳ᠋ᠠ ᠰᠢᠪᠳ᠋ᠤᠯᠬᠤ ᠪᠠᠳ᠋ᠤ ᠴᠢᠩᠭ᠎ᠠ ᠤᠳ᠋ᠤᠷᠢᠳᠬᠤ ᠪᠠᠭ ᠢ ᠪᠠᠢ᠌ᠭᠤᠯᠵᠤ᠂ ᠦᠨᠡᠨᠴᠢ ᠰᠢᠳ᠋ᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠲᠡᠶ ᠪᠠᠢ᠌ᠴᠠᠭᠠᠬᠤ ᠡᠩᠨᠡᠭᠡ ᠶᠢ ᠲᠠᠪᠳ᠋ᠠᠨ ᠪᠤᠯᠪᠠᠰᠤᠷᠠᠭᠤᠯᠵᠤ᠂ ᠪᠤᠳ᠋ᠠᠳ᠋ᠤ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠨ᠂ ᠠᠮᠤᠷ ᠠᠮᠤᠭᠤᠯᠠᠩ ᠵᠠᠷᠤᠳ᠂ ᠬᠠᠦᠯᠢ ᠪᠠᠷ ᠵᠠᠰᠠᠬᠤ ᠵᠠᠷᠤᠳ ᠤᠨ ᠪᠦᠳ᠋ᠦᠭᠡᠨ ᠪᠠᠢ᠌ᠭᠤᠯᠤᠯᠳ᠋ᠠ ᠳᠤ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭ᠍ᠳ᠋ᠠᠢ ᠭᠡᠪᠡ᠃ (ᠨᠠᠢ᠌ᠷᠠᠭᠤᠯᠤᠭᠴᠢ᠄ ᠯᠸᠢ ᠫᠠᠩ)