ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠳ᠋ᠠᠯ ᠢ ᠪᠠᠢ᠌ᠴᠠᠭᠠᠨ ᠰᠤᠳ᠋ᠤᠯᠪᠠ

4 ᠰᠠᠷ᠎ᠠ ᠶᠢᠨ 26 ᠡᠴᠡ 27 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠬᠡᠰᠡᠭ᠌ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠪᠦᠬᠦ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠳ᠋ᠠᠯ ᠢ ᠪᠠᠢ᠌ᠴᠠᠭᠠᠨ ᠰᠤᠳ᠋ᠤᠯᠵᠤ᠂ ᠬᠤᠰᠢᠭᠤᠨ ᠲᠠᠳ᠋ ᠲᠠᠷᠤᠭ᠎ᠠ ᠭᠦᠸᠸ ᠶᠠ ᠹᠸᠩ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃
ᠵᠠᠩ ᠴᠦ᠋ᠨ ᠡᠾᠦ᠋ᠢ ᠨᠡᠷ ᠤᠷᠢᠳ ᠬᠤᠵᠢᠳ ᠯᠦ᠋ᠪᠸᠢ ᠨᠡᠢ᠌ᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠲᠦ᠋ᠪ᠂ ᠬᠤᠰᠢᠭᠤᠨ ᠤ ᠬᠢᠳ᠋ᠠᠳ ᠡᠮᠨᠡᠯᠭᠡ ᠶᠢᠨ ᠬᠤᠷᠢᠶ᠎ᠠ᠂ ᠠᠷᠠᠳ ᠤᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠡᠪᠡᠳᠴᠢᠨ ᠡᠮᠬᠡᠭ᠌ ᠢ ᠰᠡᠷᠭᠡᠢ᠌ᠯᠡᠨ ᠬᠢᠵᠠᠭᠠᠷᠯᠠᠬᠤ ᠲᠦ᠋ᠪ᠂ ᠡᠷᠡᠭᠦᠯ ᠬᠠᠮᠠᠭᠠᠯᠠᠯ ᠡᠷᠡᠭᠦᠯ ᠮᠡᠨᠳ᠋ᠦ ᠶᠢᠨ ᠵᠦ᠋ᠪᠯᠡᠯ᠂ ᠵᠠᠷᠤᠳ ᠬᠤᠶᠠᠳ᠋ᠤᠭᠠᠷ ᠲᠤᠮᠳ᠋ᠠᠳ᠋ᠤ ᠰᠤᠷᠭᠠᠭᠤᠯᠢ᠂ ᠯᠦ᠋ᠪᠸᠢ ᠪᠠᠯᠭᠠᠰᠤ᠂ ᠴᠢᠪᠠᠭᠠᠳ᠋ᠤ ᠰᠤᠮᠤ ᠵᠡᠷᠭᠡ ᠭᠠᠵᠠᠷ ᠲᠤ ᠬᠦᠷᠴᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠲᠤᠬᠠᠢ ᠶᠢᠨ ᠭᠠᠵᠠᠷ ᠲᠤᠨᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠠᠷ ᠲᠠᠮᠵᠢᠨ ᠡᠮᠴᠢᠯᠡᠭᠡᠨ ᠤ ᠪᠠᠢ᠌ᠭᠤᠯᠤᠮᠵᠢ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃
ᠵᠠᠩ ᠴᠦ᠋ᠨ ᠡᠾᠦ᠋ᠢ ᠡᠴᠡ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠬᠦ ᠨᠢ ᠤᠯᠠᠨ ᠲᠦ᠋ᠮᠡᠨ ᠤ ᠡᠷᠡᠭᠦᠯ ᠮᠡᠨᠳ᠋ᠦ ᠠᠮᠤᠷ ᠲᠦ᠋ᠪᠰᠢᠨ ᠪᠠ ᠠᠵᠤ ᠠᠬᠤᠢ ᠨᠡᠢ᠌ᠭᠡᠮ ᠤᠨ ᠬᠦᠭ᠍ᠵᠢᠯᠳ᠋ᠡ ᠶᠢᠨ ᠶᠡᠬᠡ ᠲᠠᠯ᠎ᠠ ᠳᠤ ᠬᠤᠯᠪᠤᠭᠳ᠋ᠠᠨ᠂ ᠤᠳ᠋ᠤᠬᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠳ᠋ᠠᠯ ᠤᠨ ᠬᠦᠨᠳ᠋ᠦ ᠨᠤᠴᠢᠳ᠋ᠠᠢ ᠴᠢᠨᠠᠷ ᠢ ᠰᠡᠷᠬᠡᠭ᠌ ᠶᠢᠡᠷ ᠲᠠᠨᠢᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠲᠦ᠋ᠷᠦᠯ ᠤᠨ ᠠᠷᠭ᠎ᠠ ᠠᠪᠴᠠᠯ ᠢ ᠴᠢᠩᠭ᠎ᠠ᠂ ᠪᠤᠳ᠋ᠠᠳ᠋ᠠᠢ᠂ ᠨᠠᠷᠢᠯᠢᠭ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ᠃ ᠠᠷᠠᠳ ᠲᠦ᠋ᠮᠡᠨ ᠢ ᠲᠡᠭᠡᠳ᠋ᠦᠯᠡᠬᠦ᠂ ᠠᠮᠢ ᠨᠠᠰᠤ ᠶᠢ ᠲᠡᠭᠡᠳ᠋ᠦᠯᠡᠬᠦ ᠵᠠᠷᠴᠢᠮ ᠢ ᠪᠠᠷᠢᠮᠳ᠋ᠠᠯᠠᠨ᠂ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠠᠬᠢᠴᠡ ᠶᠢ ᠲᠦ᠋ᠷᠭᠡᠳᠭᠡᠨ ᠠᠬᠢᠭᠤᠯᠵᠤ᠂ ᠤᠯᠠᠨ ᠨᠡᠢ᠌ᠳ᠋ᠡ ᠶᠢᠨ ᠲᠠᠯᠠᠪᠤᠷ ᠤᠨ ᠡᠳ᠋ᠦᠷ ᠲᠤᠳ᠋ᠤᠮ ᠤᠨ ᠠᠷᠢᠭᠤᠳᠬᠠᠬᠤ ᠠᠵᠢᠯ ᠪᠠ ᠴᠢᠬᠤᠯᠠ ᠬᠦᠮᠦᠰ ᠤᠨ ᠶᠡᠷᠦᠳ᠋ᠡ ᠶᠢᠨ ᠪᠦᠭᠡᠮ ᠬᠦᠴᠢᠯ ᠤᠨ ᠪᠠᠢ᠌ᠴᠠᠭᠠᠨ ᠬᠡᠮᠵᠢᠯᠳ᠋ᠡ ᠶᠢ ᠴᠢᠩᠭ᠋ᠠᠳᠬᠠᠨ᠂ ᠠᠮᠠᠪᠴᠢ ᠵᠡᠭᠦᠭᠦ᠂ ᠺᠤᠳ᠋ ᠰᠢᠷᠪᠢᠨ ᠲᠠᠩᠰᠠᠯᠠᠨ ᠲᠡᠮᠳ᠋ᠡᠭᠯᠡᠬᠦ᠂ ᠪᠡᠶ᠎ᠠ ᠶᠢᠨ ᠬᠠᠯᠠᠭᠤᠨ ᠢ ᠬᠡᠮᠵᠢᠭᠦ ᠵᠡᠷᠭᠡ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠰᠠᠢ᠌ᠳ᠋ᠤᠷ ᠨᠠᠢ᠌ᠳ᠋ᠠᠪᠤᠷᠢᠵᠢᠭᠤᠯᠵᠤ᠂ ᠪᠦᠬᠦ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠮᠤᠷ ᠲᠦ᠋ᠪᠰᠢᠨ ᠢ ᠪᠠᠳ᠋ᠤᠯᠠᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠨᠠᠢ᠌ᠷᠠᠭᠤᠯᠤᠭᠴᠢ᠄ ᠯᠸᠢ ᠫᠠᠩ)