ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠺᠠᠢ᠌ᠯᠤ ᠰᠢᠶᠠᠨ ᠳᠤ ᠬᠦᠷᠴᠦ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠠᠵᠢᠯ ᠢ ᠲᠤᠭᠤᠷᠢᠨ ᠰᠤᠷᠤᠯᠴᠠᠪᠠ

4 ᠰᠠᠷ᠎ᠠ ᠶᠢᠨ 28 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠺᠠᠢ᠌ᠯᠤ ᠰᠢᠶᠠᠨ ᠳᠤ ᠬᠦᠷᠴᠦ ᠲᠤᠭᠤᠷᠢᠨ ᠰᠤᠷᠤᠯᠴᠠᠪᠠ᠃ ᠬᠤᠰᠢᠭᠤᠨ ᠤ ᠠᠷᠠᠳ ᠤ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ ᠵᠢᠴᠢ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ᠂ ᠡᠳ᠋ ᠤᠨ ᠶᠠᠪᠤᠳ᠋ᠠᠯ ᠠᠵᠤ ᠠᠬᠤᠢ ᠶᠢᠨ ᠠᠵᠢᠯ ᠤᠨ ᠵᠦ᠋ᠪᠯᠡᠯ᠂ ᠬᠤᠳ᠋ᠠ ᠪᠠᠯᠭᠠᠰᠤ ᠶᠢᠨ ᠪᠦᠳ᠋ᠦᠭᠡᠨ ᠪᠠᠢ᠌ᠭᠤᠯᠤᠯᠳ᠋ᠠ ᠪᠠ ᠤᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦ᠋ᠪᠯᠡᠯ ᠤᠨ ᠭᠤᠤᠯ ᠬᠠᠷᠢᠭᠤᠴᠠᠯᠭᠠᠳ᠋ᠠᠨ ᠲᠤᠭᠤᠷᠢᠨ ᠰᠤᠷᠤᠯᠴᠠᠬᠤ ᠳᠤ ᠤᠷᠤᠯᠴᠠᠪᠠ᠃ ᠺᠠᠢ᠌ᠯᠤ ᠰᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠵᠠᠩ ᠸᠸᠨ ᠵᠢᠶᠦ᠋ᠨ᠂ ᠰᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠠᠢ ᠶᠢᠩ ᠸᠸᠨ᠂ ᠳ᠋ᠢᠩ ᠱᠣ ᠵᠢᠶᠸ᠂ ᠸᠠᠩ ᠵᠢᠨ ᠵᠦ᠋ᠩ᠂ ᠠᠯᠪᠠᠨ ᠭᠡᠷ ᠤᠨ ᠡᠷᠬᠢᠯᠡᠭ᠍ᠴᠢ ᠳ᠋ᠤᠸᠠᠨ ᠯᠢ ᠮᠢᠨ ᠵᠢᠴᠢ ᠬᠠᠮᠢᠶ᠎ᠠ ᠪᠦᠬᠦᠢ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠵᠤ ᠪᠠᠢ᠌ᠴᠠᠭᠠᠭᠰᠠᠨ ᠪᠠ ᠰᠠᠭᠤᠳ᠋ᠠᠯ ᠤᠨ ᠬᠤᠷᠠᠯ ᠳᠤ ᠤᠷᠤᠯᠴᠠᠪᠠ᠃

ᠡᠦ ᠴᠢᠩ ᠬᠠᠢ ᠨᠡᠷ ᠤᠷᠢᠳ ᠬᠤᠵᠢᠳ ᠺᠠᠢ᠌ᠯᠤ ᠰᠢᠶᠠᠨ ᠤ ᠳ᠋ᠦ᠋ᠩ ᠹᠸᠩ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ᠂ ᠦᠪᠦᠷ ᠮᠤᠩᠭ᠋ᠤᠯ ᠤᠨ ᠤᠮᠠᠷᠠᠳ᠋ᠤ ᠶᠢᠨ ᠡᠮ ᠨᠠᠢ᠌ᠷᠠᠭᠤᠯᠬᠤ ᠬᠤᠸᠠ ᠺᠠᠢ ᠡᠮ ᠤᠨ ᠦᠢᠯᠡᠰ ᠤᠨ ᠬᠢᠵᠠᠭᠠᠷᠳ᠋ᠤ ᠺᠤᠮᠫᠠᠨᠢ᠂ ᠦᠪᠦᠷ ᠮᠤᠩᠭ᠋ᠤᠯ ᠤᠨ ᠲᠥᠩ ᠰᠸ ᠹᠠᠩ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠳ᠋ᠤ ᠺᠤᠮᠫᠠᠨᠢ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠵᠦ᠂ ᠺᠠᠢ᠌ᠯᠤ ᠰᠢᠶᠠᠨ ᠤ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠪᠦᠳ᠋ᠦᠭᠡᠨ ᠪᠠᠢ᠌ᠭᠤᠯᠤᠯᠳ᠋ᠠ ᠵᠢᠴᠢ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠠᠵᠢᠯ ᠳᠤ ᠤᠷᠤᠯᠴᠠᠨ ᠬᠦᠴᠦᠨ ᠨᠡᠮᠡᠷᠢᠯᠡᠬᠦ ᠨᠡᠢ᠌ᠳ᠋ᠡᠯᠢᠭ᠌ ᠲᠤᠷᠰᠢᠯᠭ᠎ᠠ ᠪᠠ ᠲᠡᠷᠢᠭᠦᠨ ᠤ ᠠᠷᠭ᠎ᠠ ᠮᠠᠶᠢᠭ ᠢ ᠭᠦᠨᠵᠡᠭᠡᠢ ᠰᠤᠷᠤᠯᠴᠠᠬᠤ ᠶᠢᠨ ᠬᠠᠮᠳ᠋ᠤ ᠪᠤᠳ᠋ᠠᠳ᠋ᠠᠢ ᠠᠵᠢᠯ ᠦᠷᠨᠢᠭᠦᠯᠦᠭ᠍ᠰᠡᠨ ᠵᠡᠷᠭᠡ ᠠᠭᠤᠯᠭ᠎ᠠ ᠶᠢᠨ ᠲᠤᠬᠠᠢ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠰᠠᠨᠠᠯ ᠶᠢᠡᠨ ᠰᠤᠯᠢᠯᠴᠠᠪᠠ᠃ ᠰᠠᠭᠤᠳ᠋ᠠᠯ ᠤᠨ ᠬᠤᠷᠠᠯ ᠲᠡᠭᠡᠷ᠎ᠠ᠂ ᠺᠠᠢ᠌ᠯᠤ ᠰᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠠᠵᠢᠯ ᠢ ᠬᠡᠷᠬᠢᠨ ᠰᠠᠢ᠌ᠳ᠋ᠤᠷ ᠬᠢᠬᠦ ᠲᠤᠬᠠᠢ ᠠᠵᠢᠯ ᠤᠨ ᠲᠤᠷᠰᠢᠯᠭ᠎ᠠ ᠪᠠᠨ ᠲᠠᠢ᠌ᠯᠪᠤᠷᠢᠯᠠᠪᠠ᠃ ᠪᠠᠢ᠌ᠴᠠᠭᠠᠬᠤ ᠲᠤᠭᠤᠢ᠌ᠯᠠᠩ ᠤᠨ ᠬᠢᠨ ᠺᠠᠢ᠌ᠯᠤ ᠰᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠲᠦ᠋ᠯᠦᠭᠡᠯᠡᠭ᠍ᠴᠢᠳ ᠤᠨ ᠰᠤᠷᠤᠯᠴᠠᠯᠭ᠎ᠠ ᠪᠤᠯᠪᠠᠰᠤᠷᠠᠯ᠂ ᠬᠢᠨᠠᠨ ᠪᠠᠢ᠌ᠴᠠᠭᠠᠬᠤ ᠪᠤᠳ᠋ᠠᠳ᠋ᠤ ᠦᠷ᠎ᠠ ᠪᠦᠳ᠋ᠦᠮᠵᠢ ᠶᠢ ᠴᠢᠩᠭ᠋ᠠᠳᠬᠠᠬᠤ ᠪᠠ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠳᠤ ᠬᠦᠴᠦᠨ ᠨᠡᠮᠡᠷᠢᠯᠡᠬᠦ᠂ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠵᠡᠷᠭᠡ ᠤᠯᠠᠨ ᠲᠠᠯ᠎ᠠ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠮᠠᠶᠢᠭ ᠨᠢ ᠰᠤᠷᠤᠯᠴᠠᠭᠤᠰᠢᠳ᠋ᠠᠢ ᠮᠦ᠋ᠷᠳ᠋ᠡᠭᠡᠨ ᠲᠤᠯᠢ ᠪᠤᠯᠭᠠᠭᠤᠰᠢᠳ᠋ᠠᠢ ᠭᠡᠵᠦ ᠢᠯᠡᠳᠭᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)