ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠳᠤ ᠬᠦᠴᠦᠨ ᠨᠡᠮᠡᠷᠢᠯᠡᠬᠦ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠬᠤᠷᠠᠯ ᠬᠤᠷᠠᠯᠳ᠋ᠤᠪᠠ

       
        4 ᠰᠠᠷ᠎ᠠ ᠶᠢᠨ 29 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠳᠤ ᠬᠦᠴᠦᠨ ᠨᠡᠮᠡᠷᠢᠯᠡᠬᠦ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠪᠤᠯᠪᠠᠰᠤᠷᠠᠯ ᠤᠨ ᠬᠤᠷᠠᠯ ᠳᠤ ᠰᠠᠭᠠᠳ᠋ᠠᠨ᠂ ᠬᠤᠳ᠋ᠠ ᠬᠤᠰᠢᠭᠤ ᠬᠤᠶᠠᠷ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢᠳ᠂ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ ᠪᠤᠯᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠨᠡᠢ᠌ᠳ᠋ᠡ 40 ᠭᠠᠷᠤᠢ ᠬᠦᠮᠦᠰ ᠬᠤᠷᠠᠯ ᠳᠤ ᠤᠷᠤᠯᠴᠠᠪᠠ᠃

        


       
         ᠬᠤᠷᠠᠯ ᠲᠡᠭᠡᠷ᠎ᠠ᠂ ᠬᠤᠰᠢᠭᠤᠨ ᠤ ᠤᠷᠤᠨ ᠪᠦᠰᠡ ᠶᠢᠨ ᠠᠵᠤ ᠠᠬᠤᠢ ᠶᠢᠨ ᠬᠠᠮᠳ᠋ᠤᠷᠠᠯᠴᠠᠭᠠᠨ ᠤ ᠦᠢᠯᠡᠴᠢᠯᠡᠭᠡᠨ ᠤ ᠲᠦ᠋ᠪ ᠤᠨ ᠡᠷᠬᠢᠯᠡᠭ᠍ᠴᠢ ᠶᠤᠸᠠᠨ ᠸᠸᠨ ᠡᠾᠦ᠋ᠢ ᠡᠴᠡ 《ᠬᠤᠳ᠋ᠠᠯᠳ᠋ᠤᠭ᠎ᠠ ᠡᠵᠡᠩᠨᠡᠬᠦ ᠤᠷᠴᠢᠨ ᠠᠬᠤᠢ ᠶᠢ ᠰᠢᠯᠢᠳ᠋ᠡᠭ᠍ᠵᠢᠭᠦᠯᠦᠨ᠂ ᠪᠦᠬᠦ ᠬᠦᠴᠦᠨ ᠶᠢᠡᠷ ᠶᠢᠡᠨ ᠬᠤᠳ᠋ᠠᠯᠳ᠋ᠤᠭ᠎ᠠ ᠤᠷᠢᠨ ᠪᠡᠯᠡ ᠤᠷᠤᠭᠤᠯᠵᠤ᠂ ᠵᠠᠷᠤᠳ ᠤᠨ ᠠᠵᠤ ᠠᠬᠤᠢ ᠶᠢᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠲᠦ᠋ᠯᠬᠢᠨ ᠠᠬᠢᠭᠤᠯᠤᠶ᠎ᠠ》 ᠭᠡᠬᠦ ᠭᠤᠤᠯ ᠰᠡᠳ᠋ᠦᠪ ᠪᠠᠷ ᠲᠠᠢ᠌ᠯᠪᠤᠷᠢᠯᠠᠯᠳ᠋ᠠ ᠬᠢᠪᠡ᠃

        
         ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠬᠤᠳ᠋ᠠᠯᠳ᠋ᠤᠭ᠎ᠠ ᠤᠷᠢᠨ ᠪᠠᠯᠡ ᠤᠷᠤᠭᠤᠯᠵᠤ ᠬᠡᠷᠬᠢᠨ ᠬᠦᠴᠦᠨ ᠨᠡᠮᠡᠷᠢᠯᠡᠬᠦ ᠳᠤ᠂ ᠵᠠᠩᠭᠢᠯᠠᠭ᠎ᠠ ᠨᠢ ᠲᠤᠰ ᠪᠡᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠬᠠᠷᠢᠯᠴᠡᠨ ᠤᠶᠠᠯᠳ᠋ᠤᠭᠤᠯᠵᠤ᠂ ᠲᠠᠪᠠᠭᠤᠯᠢᠭ ᠶᠢᠡᠨ ᠪᠠᠳ᠋ᠠᠷᠠᠭᠤᠯᠬᠤ ᠳᠤ ᠪᠠᠢ᠌ᠨ᠎ᠠ᠃ ᠤᠬᠠᠭᠤᠯᠤᠨ ᠲᠠᠨᠢᠯᠴᠠᠭᠤᠯᠬᠤ᠂ ᠠᠭᠤᠷ ᠠᠮᠢᠰᠬᠤᠯ ᠢ ᠪᠤᠢ ᠪᠤᠯᠭᠠᠬᠤ ᠲᠡᠭᠡᠷ᠎ᠠ ᠬᠦᠴᠦ ᠲᠠᠯᠪᠢᠨ᠂ ᠬᠤᠪᠢ ᠪᠡᠶ᠎ᠠ ᠶᠢᠨ ᠬᠠᠷᠢᠯᠴᠠᠭ᠎ᠠ ᠦᠷᠭᠡᠨ᠂ ᠠᠷᠭ᠎ᠠ ᠵᠠᠮ ᠤᠯᠠᠨ ᠲᠠᠪᠠᠭᠤᠯᠢᠭ ᠶᠢᠡᠨ ᠭᠦᠢᠴᠡᠳ ᠪᠠᠳ᠋ᠠᠷᠠᠭᠤᠯᠵᠤ᠂ ᠡᠯ᠎ᠠ ᠵᠦ᠋ᠢᠯ ᠤᠨ ᠲᠤᠬᠢᠶᠠᠯ ᠢ ᠠᠰᠢᠭᠯᠠᠨ ᠮᠠᠨ ᠤ ᠬᠤᠰᠢᠭᠤᠨ ᠤ ᠰᠠᠢ᠌ᠨ ᠰᠠᠢ᠌ᠬᠠᠨ ᠪᠡᠯᠡ ᠤᠷᠤᠭᠤᠯᠤᠯᠳ᠋ᠠ ᠶᠢᠨ ᠤᠷᠴᠢᠨ᠂ ᠬᠠᠷᠢᠴᠠᠩᠭ᠋ᠤᠢ ᠲᠠᠪᠠᠭᠤᠯᠢᠭ ᠪᠠ ᠬᠦᠭ᠍ᠵᠢᠯᠳ᠋ᠡ ᠶᠢᠨ ᠲᠠᠯᠳ᠋ᠠ ᠬᠦᠴᠦᠨ ᠢ ᠤᠬᠠᠭᠤᠯᠤᠨ᠂ ᠮᠠᠨ ᠤ ᠬᠤᠰᠢᠭᠤᠨ ᠤ ᠠᠵᠤ ᠦᠢᠯᠡᠰ ᠤᠨ ᠪᠠᠢ᠌ᠷᠢ ᠲᠤᠭᠳ᠋ᠠᠭᠠᠯᠳ᠋ᠠ᠂ ᠬᠤᠳ᠋ᠠᠯᠳ᠋ᠤᠭ᠎ᠠ ᠤᠷᠢᠬᠤ ᠲᠦ᠋ᠷᠦ ᠶᠢᠨ ᠪᠤᠳ᠋ᠤᠯᠭ᠎ᠠ ᠪᠠ ᠯᠤᠳ᠋ᠤ ᠶᠡᠬᠡ ᠬᠤᠳ᠋ᠠᠯᠳ᠋ᠤᠭᠠᠨ ᠤ ᠲᠤᠬᠢᠶᠠᠯ ᠢ ᠶᠡᠬᠡ ᠪᠠᠷ ᠲᠠᠨᠢᠯᠴᠠᠭᠤᠯᠵᠤ᠂ ᠡᠯ᠎ᠠ ᠭᠠᠵᠠᠷ ᠡᠯ᠎ᠠ ᠡᠳ᠋ᠡᠭᠡᠳ ᠤᠨ ᠠᠵᠤ ᠠᠬᠤᠢ᠌ᠯᠠᠯᠳ᠋ᠠᠨ ᠳᠤ ᠵᠠᠷᠤᠳ ᠬᠤᠰᠢᠭᠤ ᠶᠢ ᠨᠡᠩ ᠰᠠᠢ᠌ᠨ ᠨᠡᠩ ᠤᠯᠠᠨ  ᠤᠢ᠌ᠯᠠᠭᠠᠭᠤᠯᠤᠨ᠂ ᠵᠠᠷᠤᠳ ᠬᠤᠰᠢᠭᠤᠨ ᠳᠤ ᠤᠷᠢᠵᠤ ᠵᠠᠯᠠᠬᠤ ᠬᠡᠷᠡᠭ᠍ᠳ᠋ᠠᠢ᠃ ᠰᠢᠭᠤᠳ ᠤᠷᠤᠯᠴᠠᠬᠤ᠂ ᠰᠠᠨᠠᠭᠠᠴᠢᠯᠠᠭ᠎ᠠ  ᠡᠴᠡ  ᠪᠠᠨ ᠬᠦᠴᠦᠯᠡᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠺᠠᠳ᠋ᠷᠴᠤᠳ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠭᠤᠤᠯ ᠲᠠᠢ᠌ᠨ ᠤ ᠲᠠᠯᠠᠪᠤᠷ ᠲᠤ ᠰᠠᠨᠠᠭᠠᠴᠢᠯᠠᠭ᠎ᠠ ᠡᠴᠡ ᠪᠠᠨ ᠤᠷᠤᠯᠴᠠᠵᠤ᠂ ᠲᠠᠯᠳ᠋ᠠ ᠬᠦᠴᠦᠨ ᠢ ᠭᠦᠨ ᠠᠭᠤᠳ᠋ᠠᠯᠠᠵᠤ᠂ ᠭᠡᠷ ᠲᠤᠨᠢ ᠬᠦᠷᠴᠦ ᠵᠦ᠋ᠪᠳ᠋ᠡᠯᠴᠡᠭᠡ ᠬᠢᠵᠦ᠂ ᠴᠢᠩ ᠦᠨᠡᠨᠴᠢ ᠪᠠᠷ ᠦᠢᠯᠡᠴᠢᠯᠡᠨ᠂ ᠠᠷᠭ᠎ᠠ ᠪᠦᠬᠦᠨ ᠢ ᠰᠦ᠋ᠪᠡᠭ᠍ᠴᠢᠯᠡᠵᠦ ᠪᠠᠢ᠌ᠭᠠᠳ 《ᠭᠠᠳ᠋ᠠᠭᠰᠢ ᠭᠠᠷᠴᠦ᠂ ᠤᠷᠤᠭᠤᠯᠤᠨ ᠠᠪᠴᠢᠷᠠᠬᠤ》 ᠬᠡᠷᠡᠭ᠍ᠳ᠋ᠠᠢ᠃ ᠲᠠᠪᠴᠠᠩ ᠪᠠᠢ᠌ᠭᠤᠯᠬᠤ᠂ ᠠᠰᠠᠭᠤᠳ᠋ᠠᠯ ᠢ ᠰᠢ᠌ᠳᠪᠦᠷᠢᠯᠡᠬᠦ ᠲᠡᠭᠡᠷ᠎ᠠ ᠬᠦᠴᠦ ᠲᠠᠯᠪᠢᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠡᠴᠡ ᠵᠠᠰᠠᠭ ᠤᠨ ᠤᠷᠳ᠋ᠤᠨ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠲᠤ ᠡᠵᠡᠮᠰᠢᠭ᠍ᠰᠠᠨ ᠠᠰᠠᠭᠤᠳ᠋ᠠᠯ ᠶᠢᠡᠨ ᠴᠠᠭ ᠲᠤᠬᠠᠢ ᠲᠤᠨᠢ ᠲᠤᠰᠬᠠᠵᠤ᠂ ᠬᠠᠮᠢᠶ᠎ᠠ ᠪᠦᠬᠦᠢ ᠰᠠᠯᠠᠭ᠎ᠠ ᠮᠦ᠋ᠴᠢᠷ ᠬᠠᠦᠯᠢ ᠶᠤᠰᠤᠭᠠᠷ ᠲᠦ᠋ᠷᠦ ᠶᠢᠨ ᠪᠤᠳ᠋ᠤᠯᠭ᠎ᠠ ᠶᠤᠰᠤᠭᠠᠷ ᠲᠦ᠋ᠷᠭᠡᠨ ᠰᠢ᠌ᠳᠪᠦᠷᠢᠯᠡᠬᠦ ᠶᠢ ᠬᠢᠨᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃  

        


       
        ᠬᠤᠷᠠᠯ ᠡᠴᠡ ᠪᠠᠰᠠ 《ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠳᠤ ᠠᠩᠬᠠᠷᠤᠯ ᠶᠢᠡᠨ ᠲᠦ᠋ᠪᠯᠡᠷᠡᠭᠦᠯᠦᠨ᠂ ᠲᠠᠪᠠᠯᠳ᠋ᠠ ᠲᠡᠶ ᠬᠦᠭᠡᠭᠡᠴᠡᠯᠳ᠋ᠦᠬᠦ ᠳᠤ ᠬᠦᠴᠦᠨ ᠴᠢᠳ᠋ᠠᠯ ᠶᠢᠡᠨ ᠲᠦ᠋ᠪᠯᠡᠷᠡᠭᠦᠯᠬᠦ ᠬᠡᠷᠡᠭ᠍ᠳ᠋ᠠᠢ》 ᠭᠡᠬᠦ ᠺᠠᠢ᠌ᠯᠤ ᠰᠢᠶᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠪᠠ ᠤᠯᠤᠰ ᠲᠦ᠋ᠷᠦ ᠶᠢᠨ ᠵᠦ᠋ᠪᠯᠡᠯᠭᠡᠨ ᠤ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠶᠢ ᠠᠬᠢᠭᠤᠯᠤᠭᠰᠠᠨ ᠦᠢᠯᠡᠳ᠋ᠦᠯᠭᠡ ᠶᠢᠨ ᠰᠡᠩᠭᠡᠷᠡᠭᠦᠯᠦᠯ ᠢ ᠤᠯᠠᠮᠵᠢᠯᠡᠨ ᠰᠤᠷᠤᠯᠴᠠᠪᠠ᠃ ᠬᠤᠷᠠᠯ ᠳᠤ ᠤᠷᠤᠯᠴᠠᠭᠰᠠᠨ ᠬᠦᠮᠦᠰ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠡᠴᠡ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠠ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳ᠋ᠦᠪ ᠤᠨ ᠲᠤᠭᠤᠷᠢᠨ ᠳᠤ ᠰᠠᠨᠠᠯ ᠶᠢᠡᠨ ᠰᠤᠯᠢᠯᠴᠡᠨ ᠶᠠᠷᠢᠯᠴᠠᠪᠠ᠃ (ᠨᠠᠢ᠌ᠷᠠᠭᠤᠯᠤᠭᠴᠢ᠄ ᠯᠸᠢ ᠫᠠᠩ)

        

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠳ᠋ᠠᠯ ᠢ ᠪᠠᠢ᠌ᠴᠠᠭᠠᠨ ᠰᠤᠳ᠋ᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠲᠠᠪᠤᠨ ᠰᠠᠷ᠎ᠠ ᠶᠢᠨ ᠨᠢᠭᠡᠨ ᠤ ᠠᠮᠠᠷᠠᠯᠳ᠋ᠠ ᠶᠢᠨ ᠬᠤᠭᠤᠴᠠᠭᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠠᠶᠤᠯᠭᠦᠢ ᠦᠢᠯᠡᠳᠪᠦᠷᠢᠯᠡᠯ ᠵᠡᠷᠭᠡ ᠴᠢᠬᠤᠯᠠ ᠠᠵᠢᠯ ᠢ ᠬᠢᠨᠠᠨ ᠵᠢᠯᠤᠭᠤᠳᠪᠠ