ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠲᠠᠪᠤᠨ ᠰᠠᠷ᠎ᠠ ᠶᠢᠨ ᠨᠢᠭᠡᠨ ᠤ ᠠᠮᠠᠷᠠᠯᠳ᠋ᠠ ᠶᠢᠨ ᠬᠤᠭᠤᠴᠠᠭᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠠᠶᠤᠯᠭᠦᠢ ᠦᠢᠯᠡᠳᠪᠦᠷᠢᠯᠡᠯ ᠵᠡᠷᠭᠡ ᠴᠢᠬᠤᠯᠠ ᠠᠵᠢᠯ ᠢ ᠬᠢᠨᠠᠨ ᠵᠢᠯᠤᠭᠤᠳᠪᠠ
4 ᠰᠠᠷ᠎ᠠ ᠶᠢᠨ 29 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠯᠪᠤᠭᠠᠯᠠᠨ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠲᠠᠪᠤᠨ ᠰᠠᠷ᠎ᠠ ᠶᠢᠨ ᠨᠢᠭᠡᠨ ᠤ ᠠᠮᠠᠷᠠᠯᠳ᠋ᠠ ᠶᠢᠨ ᠬᠤᠭᠤᠴᠠᠭᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠠᠶᠤᠯᠭᠦᠢ ᠦᠢᠯᠡᠳᠪᠦᠷᠢᠯᠡᠯ᠂ ᠨᠠᠢ᠌ᠭᠡᠮ ᠤᠨ ᠠᠮᠤᠷ ᠲᠤᠭᠳ᠋ᠠᠭᠤᠨ ᠪᠠ ᠭᠠᠯ ᠭᠠᠮᠰᠢᠭ ᠢ ᠰᠡᠷᠭᠡᠢ᠌ᠯᠡᠬᠦ ᠵᠡᠷᠭᠡ ᠴᠢᠬᠤᠯᠠ ᠠᠵᠢᠯ ᠢ ᠬᠢᠨᠠᠨ ᠵᠢᠯᠤᠭᠤᠳᠪᠠ᠃
ᠪᠠᠶᠠᠷᠳ᠋ᠤᠬᠤᠰᠢᠭᠤ ᠪᠠᠯᠭᠠᠰᠤ ᠶᠢᠨ ᠭᠤᠤᠯ ᠬᠠᠷᠢᠭᠤᠴᠠᠯᠭᠠᠳ᠋ᠠᠨ ᠤ ᠠᠮᠠᠷᠠᠯᠳ᠋ᠠ ᠶᠢᠨ ᠬᠤᠭᠤᠴᠠᠭᠠᠨ ᠤ ᠡᠯ᠎ᠠ ᠲᠦ᠋ᠷᠦᠯ ᠤᠨ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠬᠠᠷᠢᠭᠤ ᠮᠡᠳ᠋ᠡᠭᠦᠯᠦᠯᠳ᠋ᠡ ᠶᠢ ᠰᠤᠨᠤᠰᠤᠭᠰᠠᠨ ᠤ ᠲᠠᠷᠠᠭ᠎ᠠ᠂ ᠡᠦ ᠴᠢᠩ ᠬᠠᠢ ᠡᠴᠡ᠂ ᠬᠤᠳ᠋ᠠ᠂ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠪᠠᠷ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠨ ᠴᠠᠭ ᠢᠮᠠᠭᠳ᠋ᠠ ᠴᠢᠩᠭ᠋ᠠᠳᠬᠠᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠲᠦ᠋ᠷᠦᠯ ᠤᠨ ᠠᠵᠢᠯ ᠢ ᠦᠴᠦᠬᠡᠨ ᠴᠦ ᠰᠤᠯᠠᠷᠠᠭᠤᠯᠬᠤ ᠦᠭᠡᠶ ᠪᠠᠷ ᠰᠠᠢ᠌ᠳ᠋ᠤᠷ ᠠᠳᠬᠤᠬᠤ ᠬᠡᠷᠡᠭ᠍ᠳ᠋ᠠᠢ︔ ᠬᠦᠮᠦᠨ ᠤᠯᠠᠨ ᠴᠤᠭᠯᠠᠷᠠᠬᠤ ᠭᠠᠵᠠᠷ᠂ ᠤᠨᠴᠠᠭᠠᠢ᠌ᠯᠠᠨ ᠦᠵᠡᠮᠵᠢ ᠰᠤᠨᠢᠷᠬᠠᠭᠴᠢᠳ᠂ ᠠᠭᠤᠯᠠ ᠰᠢᠭᠤᠢ ᠪᠠᠷ ᠵᠢᠭᠤᠯᠴᠢᠯᠠᠭᠴᠢᠳ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠠᠮᠤᠷ ᠲᠦ᠋ᠪᠰᠢᠨ ᠤ ᠰᠡᠷᠭᠡᠢ᠌ᠯᠡᠯᠳ᠋ᠡ ᠬᠠᠮᠠᠭᠠᠯᠠᠯᠳ᠋ᠠ᠂ ᠭᠠᠯ ᠭᠠᠮᠰᠢᠭ ᠢ ᠰᠡᠷᠭᠡᠢ᠌ᠯᠡᠬᠦ ᠬᠦᠴᠦᠨ ᠢ ᠴᠢᠩᠭ᠋ᠠᠷᠠᠭᠤᠯᠵᠤ᠂ ᠪᠠᠴᠢᠮ ᠪᠠᠢ᠌ᠳ᠋ᠠᠯ ᠢ ᠠᠷᠭᠠᠴᠠᠬᠤ ᠲᠦ᠋ᠰᠦᠪ ᠢ ᠲᠤᠭᠳ᠋ᠠᠭᠠᠨ᠂ ᠠᠮᠤᠷ ᠲᠦ᠋ᠪᠰᠢᠨ ᠤ ᠰᠡᠷᠭᠡᠢ᠌ᠯᠡᠨ ᠬᠠᠮᠠᠭᠠᠯᠠᠯᠳ᠋ᠠ ᠶᠢᠨ ᠠᠷᠭ᠎ᠠ ᠠᠪᠴᠠᠯ ᠢ ᠲᠦ᠋ᠪ ᠴᠢᠩᠭ᠎ᠠ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ᠃ ᠵᠢᠵᠢᠭᠦᠷᠯᠡᠨ ᠰᠠᠬᠢᠬᠤ ᠲᠦ᠋ᠷᠢᠮ ᠢ ᠨᠢᠭᠳ᠋ᠠ ᠴᠢᠩᠭ᠎ᠠ ᠬᠡᠷᠡᠭ᠍ᠵᠢᠭᠦᠯᠦᠨ᠂ ᠲᠤᠭᠤᠷᠢᠨ ᠪᠠᠢ᠌ᠴᠠᠭᠠᠵᠤ ᠰᠡᠷᠭᠡᠢ᠌ᠯᠡᠬᠦ ᠡᠷᠴᠢᠮ ᠢ ᠴᠢᠩᠭ᠋ᠠᠷᠠᠭᠤᠯᠵᠤ᠂ 《5·1》 ᠤ ᠠᠮᠠᠷᠠᠯᠳ᠋ᠠ ᠶᠢᠨ ᠬᠤᠭᠤᠴᠠᠭᠠᠨ ᠤ ᠨᠡᠢ᠌ᠭᠡᠮ ᠤᠨ ᠶᠡᠬᠡ ᠲᠠᠯ᠎ᠠ ᠶᠢᠨ ᠠᠮᠤᠷ ᠲᠤᠭᠳ᠋ᠠᠭᠤᠨ ᠢ ᠪᠦᠬᠦ ᠬᠦᠴᠦᠨ ᠶᠢᠡᠷ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃
ᠡᠦ ᠴᠢᠩ ᠬᠠᠢ ᠪᠠᠰᠠ ᠠᠮᠠᠷᠠᠯᠳ᠋ᠠ ᠶᠢᠨ ᠬᠤᠭᠤᠴᠠᠭᠠᠨ ᠤ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠳ᠋ᠤ ᠶᠢᠨ ᠲᠦ᠋ᠷᠢᠮ ᠢ ᠴᠢᠩᠭ᠎ᠠ ᠰᠠᠬᠢᠨ᠂ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ ᠶᠢ ᠲᠡᠭᠡᠭ᠍ᠰᠢᠯᠡᠭᠦᠯᠦᠨ᠂ ᠪᠢᠰᠢᠷᠡᠨ ᠵᠢᠷᠦᠭᠡᠰᠢᠶᠡᠬᠦ᠂ ᠤᠬᠠᠮᠰᠡᠷ ᠶᠢᠡᠨ ᠲᠡᠭᠡᠭ᠍ᠰᠢᠯᠡᠭᠦᠯᠬᠦ ᠵᠡᠷᠭᠡ ᠲᠠᠯ᠎ᠠ ᠪᠠᠷ ᠪᠤᠳ᠋ᠠᠳ᠋ᠢ ᠱᠠᠭᠠᠷᠳ᠋ᠠᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)