ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢ᠌ᠯᠠᠩ ᠤᠨ ᠲᠤᠰᠬᠠᠢ ᠰᠡᠳ᠋ᠦᠪᠳ᠋ᠦ ᠰᠤᠳ᠋ᠤᠯᠤᠨ ᠶᠠᠷᠢᠯᠴᠠᠬᠤ ᠬᠤᠷᠠᠯ ᠬᠤᠷᠠᠯᠳ᠋ᠤᠪᠠ

4 ᠰᠠᠷ᠎ᠠ ᠶᠢᠨ 29 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢ᠌ᠯᠠᠩ ᠤᠨ ᠲᠤᠰᠬᠠᠢ ᠰᠡᠳ᠋ᠦᠪᠳ᠋ᠦ ᠰᠤᠳ᠋ᠤᠯᠤᠨ ᠶᠠᠷᠢᠯᠴᠠᠬᠤ ᠬᠤᠷᠠᠯ ᠬᠤᠷᠠᠯᠳ᠋ᠤᠨ᠂ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠦ ᠶᠢᠨ ᠠᠮᠢᠳ᠋ᠤᠷᠠᠯ ᠢ ᠵᠢᠷᠤᠮᠵᠢᠭᠤᠯᠬᠤ ᠶᠢᠨ ᠲᠤᠭᠤᠷᠢᠨ ᠳᠤ᠂ ᠲᠤᠰᠬᠠᠢ ᠰᠡᠳ᠋ᠦᠪᠳ᠋ᠦ ᠰᠤᠳ᠋ᠤᠯᠤᠨ ᠶᠠᠷᠢᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠡᠦ ᠴᠢᠩ ᠬᠠᠢ ᠡᠷᠬᠢᠯᠡᠨ᠂ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠪᠤᠤ ᠯᠦ᠋ᠩ᠂ ᠼᠦ᠋ᠢ ᠯᠸᠢ ᠯᠸᠢ᠂ ᠵᠠᠩ ᠴᠦ᠋ᠨ ᠡᠾᠦ᠋ᠢ᠂ ᠯᠢ ᠴᠸᠩ ᠭᠦᠸᠸ ᠬᠤᠷᠠᠯ ᠳᠤ ᠤᠷᠤᠯᠴᠠᠵᠤ᠂ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠷᠠᠯ ᠳᠤ ᠰᠤᠯᠠ ᠤᠷᠤᠯᠴᠠᠪᠠ᠃
ᠬᠤᠷᠠᠯ ᠲᠡᠭᠡᠷ᠎ᠠ᠂ ᠡᠦ ᠴᠢᠩ ᠬᠠᠢ ᠡᠴᠡ ᠶᠡᠷᠦᠩᠬᠡᠢ ᠱᠦ᠋ᠵᠢ ᠰᠢ ᠵᠢᠨ ᠫᠢᠩ ᠤᠨ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠦ ᠶᠢᠨ ᠠᠮᠢᠳ᠋ᠤᠷᠠᠯ ᠢ ᠴᠢᠩᠭ᠋ᠠᠳᠬᠠᠬᠤ ᠲᠤᠬᠠᠢ ᠴᠢᠬᠤᠯᠠ ᠦᠭᠦᠯᠡᠯᠳ᠋ᠡ᠂ ᠰᠢ ᠵᠢᠨ ᠫᠢᠩ ᠤᠨ ᠦᠪᠦᠷ ᠮᠤᠩᠭ᠋ᠤᠯ ᠤᠨ ᠲᠤᠬᠠᠢ ᠴᠢᠬᠤᠯᠠ ᠴᠤᠬᠤᠯᠠᠪᠤᠷᠢ ᠵᠢᠭᠠᠪᠤᠷᠢ ᠶᠢᠨ ᠵᠤᠷᠢᠭ ᠰᠠᠨᠠᠭ᠎ᠠ᠂ ᠶᠡᠷᠦᠩᠬᠡᠢ ᠱᠦ᠋ᠵᠢ ᠰᠢ ᠵᠢᠨ ᠫᠢᠩ ᠤᠨ ᠠᠷᠢᠭᠤᠨ ᠴᠢᠭᠡᠴᠢ ᠰᠤᠶᠤᠯ ᠤᠨ ᠪᠠᠢ᠌ᠭᠤᠯᠤᠯᠳ᠋ᠠ ᠶᠢᠨ ᠲᠤᠬᠠᠢ ᠴᠢᠬᠤᠯᠠ ᠦᠭᠦᠯᠡᠯᠳ᠋ᠡ᠂ 《ᠰᠢᠨ᠎ᠠ ᠪᠠᠢ᠌ᠳ᠋ᠠᠯ ᠲᠤᠤᠷᠠᠬᠢ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠦ ᠶᠢᠨ ᠠᠮᠢᠳ᠋ᠤᠷᠠᠯ ᠤᠨ ᠲᠤᠬᠠᠢ ᠪᠠᠷᠢᠮᠵᠢᠶ᠎ᠠ ᠨᠤᠭᠤᠳ》᠂ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠰᠠᠬᠢᠯᠭ᠎ᠠ ᠪᠠᠳ᠋ᠤ ᠶᠢᠨ ᠰᠢᠳᠭᠡᠯ ᠦᠭᠬᠦ ᠲᠦ᠋ᠷᠢᠮ》 《ᠰᠢ ᠵᠢᠨ ᠫᠢᠩ ᠤᠨ ᠭᠡᠷ ᠪᠦᠯᠢ ᠶᠢᠨ ᠬᠦᠮᠦᠵᠢᠯ ᠰᠤᠷᠳ᠋ᠠᠯ ᠤᠨ ᠪᠠᠢ᠌ᠭᠤᠯᠤᠯᠳ᠋ᠠ ᠶᠢ ᠴᠢᠬᠤᠯᠠᠴᠢᠯᠠᠬᠤ ᠲᠤᠬᠠᠢ ᠦᠭᠦᠯᠡᠯᠳ᠋ᠡ ᠶᠢᠨ ᠲᠡᠭᠦᠪᠦᠷᠢ》 ᠵᠡᠷᠭᠡ ᠠᠭᠤᠯᠭ᠎ᠠ ᠶᠢ ᠤᠯᠠᠮᠵᠢᠯᠡᠨ ᠰᠤᠷᠤᠯᠴᠠᠵᠤ᠂ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠳ ᠬᠤᠷᠠᠯ ᠤᠨ ᠭᠤᠤᠯ ᠰᠡᠳ᠋ᠦᠪ ᠤᠨ ᠲᠤᠭᠤᠷᠢᠨ ᠳᠤ ᠲᠤᠰ ᠲᠤᠰ ᠰᠤᠳ᠋ᠤᠯᠤᠨ ᠶᠠᠷᠢᠯᠴᠠᠵᠤ ᠶᠠᠷᠢᠶ᠎ᠠ ᠲᠠᠯᠪᠢᠪᠠ᠃
ᠬᠤᠷᠠᠯ ᠡᠴᠡ᠂ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠳ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠲᠤᠰ ᠤᠳ᠋ᠠᠭᠠᠨ ᠤ ᠲᠦ᠋ᠪᠯᠡᠷᠡᠭᠦᠯᠦᠨ ᠵᠠᠰᠠᠬᠤ ᠠᠵᠢᠯᠯᠠᠭ᠎ᠠ ᠶᠢ ᠦᠷᠨᠢᠭᠦᠯᠬᠦ ᠪᠤᠯ ᠶᠡᠷᠦᠩᠬᠡᠢ ᠱᠦ᠋ᠵᠢ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠦᠮ ᠤᠨ ᠦᠵᠡᠯ ᠰᠠᠨᠠᠭ᠎ᠠ᠂ ᠶᠡᠷᠦᠩᠬᠡᠢ ᠱᠦ᠋ᠵᠢ ᠰᠢ ᠵᠢᠨ ᠫᠢᠩ ᠤᠨ ᠦᠪᠦᠷ ᠮᠤᠩᠭ᠋ᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠠᠮᠢᠳ᠋ᠤᠯᠢᠭ ᠦᠢᠯᠡᠳ᠋ᠦᠯᠭᠡ ᠪᠠᠢ᠌ᠵᠤ᠂ ᠲᠦ᠋ᠪ ᠴᠢᠩᠭ᠎ᠠ ᠤᠯᠤᠰ ᠲᠦ᠋ᠷᠦ ᠶᠢᠨ ᠡᠭᠦᠷᠭᠡ ᠪᠤᠯᠬᠤ ᠶᠢ ᠭᠦᠢᠴᠡᠳ ᠲᠠᠨᠢᠬᠤ ᠬᠡᠷᠡᠭ᠍ᠳ᠋ᠠᠢ᠃ ᠵᠤᠬᠢᠶᠠᠨ ᠪᠠᠢ᠌ᠭᠤᠯᠤᠯᠳ᠋ᠠ ᠶᠢᠨ ᠤᠳ᠋ᠤᠷᠢᠳ᠋ᠤᠯᠭ᠎ᠠ ᠪᠠᠨ ᠴᠢᠩᠭ᠋ᠠᠳᠬᠠᠨ᠂ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠦ ᠶᠢᠨ ᠠᠮᠢᠳ᠋ᠤᠷᠠᠯ ᠢ ᠵᠢᠷᠤᠮᠵᠢᠭᠤᠯᠬᠤ ᠡᠨᠡᠬᠦ ᠠᠵᠢᠯᠯᠠᠭ᠎ᠠ ᠶᠢᠨ ᠦᠷ᠎ᠠ ᠪᠦᠳ᠋ᠦᠮᠵᠢ ᠤᠯᠬᠤ ᠶᠢ ᠦᠨᠡᠨᠬᠦ ᠪᠠᠳ᠋ᠤᠯᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)